ᠥᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠢᠶᠠᠨ ᠰᠤ᠋ ᠮᠠᠨ ᠤ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2018/5/23
    5 ᠰᠠᠷ᠎ᠠ ᠶᠢᠨ 14᠎ ᠠᠴᠠ 17᠎ ᠤ ᠡᠳᠦᠷ᠂ ᠥᠪᠡᠷᠲᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠯᠢᠶᠠᠨ ᠰᠤ᠋ ᠪᠠᠶᠢᠴᠠᠭᠠᠨ ᠰᠤᠳᠤᠯᠬᠤ ᠲᠤᠭᠤᠢᠢᠯᠠᠩ ᠲᠠᠭᠠᠭᠤᠯᠵᠦ᠂ ᠮᠠᠨ ᠤ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠢ ᠲᠤᠰᠬᠠᠢ ᠰᠡᠳᠦᠪ ᠢᠶᠠᠷ ᠪᠠᠶᠢᠴᠠᠭᠠᠨ ᠰᠤᠳᠤᠯᠪᠠ᠃         ᠯᠢᠶᠠᠨ ᠰᠤ᠋ ᠨᠠᠷ ᠤᠷᠢᠳ ᠬᠤᠵᠢᠳ ᠲᠠᠶᠢᠹᠦᠰᠧ ᠬᠤᠰᠢᠭᠤᠨ ᠤ ᠪᠤᠤᠴᠠᠩ ᠪᠠᠯᠭᠠᠰᠤ ᠶᠢᠨ ᠪᠢᠶᠠᠨ ᠴᠢᠶᠠᠩ ᠲᠤᠰᠬᠤᠨ᠂ ᠴᠢᠶᠠᠨ ᠶᠢᠨ ᠭᠸᠤ ᠪᠠᠯᠭᠠᠰᠤ ᠶᠢᠨ ᠳ᠋ᠠ ᠵᠢᠩ ᠲᠤᠰᠬᠤᠨ᠂ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠰᠢᠩ ᠶᠤᠤ ᠪᠠᠯᠭᠠᠰᠤ ᠶᠢᠨ ᠳ᠋ᠦᠩ ᠼᠠᠩ ᠲᠤᠰᠬᠤᠨ᠂ ᠰᠦᠨᠢᠳ ᠪᠠᠷᠠᠭᠤᠨ ᠬᠤᠰᠢᠭᠤᠨ ᠤ ᠲᠤᠮᠳᠠ ᠪᠠᠭ᠎ᠠ ᠠᠵᠦ ᠠᠬᠤᠢᠢᠯᠠᠯ ᠤᠨ ᠦᠢᠯᠡᠴᠢᠯᠡᠬᠡᠨ ᠤ ᠲᠦᠪ ᠵᠡᠷᠭᠡ ᠭᠠᠵᠠᠷ ᠢᠶᠠᠷ ᠬᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠶᠠᠷᠢᠯᠴᠠᠬᠤ ᠬᠤᠷᠠᠯ ᠬᠤᠷᠠᠯᠳᠤᠭᠤᠯᠵᠦ᠂ ᠬᠤᠰᠢᠭᠤ᠂ ᠰᠤᠮᠤ ᠰᠢᠶᠠᠩ ᠪᠠᠯᠭᠠᠰᠤ᠂ ᠭᠠᠴᠠᠭ᠎ᠠ ᠲᠤᠰᠬᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠤᠨ ᠲᠤᠬᠠᠢ ᠬᠠᠷᠢᠭᠤ ᠮᠡᠳᠡᠬᠦᠯᠦᠯᠲᠡ ᠶᠢ ᠰᠤᠨᠤᠰᠴᠠᠢ᠃         ᠯᠢᠶᠠᠨ ᠰᠤ᠋ ᠴᠢᠬᠤᠯᠠᠴᠢᠯᠠᠬᠤ ᠳᠠᠭᠠᠨ᠂ ᠡᠯ᠎ᠠ ᠱᠠᠲᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠢ ᠲᠡᠷᠢᠬᠦᠨ ᠴᠢᠬᠤᠯᠡ ᠤᠯᠤᠰ ᠲᠦᠷᠦ ᠶᠢᠨ ᠡᠭᠦᠷᠭᠡ ᠪᠠ ᠨᠢᠭᠡᠳᠦᠭᠡᠷ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠭᠠᠨ ᠠᠳᠬᠤᠵᠦ᠂ ᠲᠦᠪ ᠪᠠ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠢᠢᠳᠪᠦᠷᠢᠲᠤ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠦ᠂ ᠬᠠᠷᠠᠯᠳᠠ ᠱᠠᠭᠠᠷᠳᠠᠯᠭ᠎ᠠ᠂ ᠠᠰᠠᠭᠤᠳᠠᠯ ᠤᠨ ᠤᠳᠤᠷᠢᠳᠤᠮᠵᠢ᠂ ᠤᠨᠢᠨ ᠲᠡᠭᠡᠷ᠎ᠡ ᠨᠢ ᠠᠷᠭ᠎ᠠ ᠪᠤᠳᠤᠯᠭ᠎ᠠ ᠭᠡᠷᠡᠭᠵᠢᠬᠦᠯᠬᠦ ᠶᠢ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠦ᠂ ᠶᠠᠳᠠᠭᠤ ᠠᠴᠠ ᠠᠩᠬᠢᠵᠢᠷᠠᠭᠤᠯᠬᠤ ᠴᠢᠨᠠᠷᠵᠢᠯ ᠢ ᠪᠠᠲᠤᠯᠠᠬᠤ ᠭᠡᠷᠡᠭᠲᠡᠢ᠃ ᠠᠵᠦ ᠦᠢᠯᠡᠰ ᠢᠶᠠᠷ ᠶᠠᠳᠠᠭᠤ ᠶᠢ ᠳᠡᠳᠬᠦᠬᠦ᠂ ᠡᠷᠡᠬᠦᠯ ᠮᠡᠨᠲᠤ ᠪᠠᠷ ᠶᠠᠳᠠᠭᠤ ᠶᠢ ᠳᠡᠳᠬᠦᠬᠦ᠂ ᠲᠤᠲᠤᠭᠠᠲᠤ ᠬᠦᠳᠡᠯᠬᠡᠬᠦ ᠬᠦᠴᠦᠨ ᠢ ᠬᠦᠭᠵᠢᠬᠡᠬᠦ᠂ ᠪᠡᠯᠡ ᠮᠦᠩᠬᠦ ᠶᠢᠨ ᠬᠡᠷᠡᠭᠯᠡᠯᠲᠡ ᠬᠠᠮᠢᠶᠠᠷᠤᠯᠳᠠ ᠶᠢ ᠴᠢᠩᠭᠠᠳᠬᠠᠬᠤ ᠵᠡᠷᠭᠡ ᠲᠠᠯ᠎ᠠ ᠪᠠᠷ ᠬᠢ ᠠᠵᠢᠯ ᠢ ᠰᠠᠶᠢᠲᠤᠷ ᠨᠠᠶᠢᠳᠠᠪᠤᠷᠢᠵᠢᠭᠤᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠡᠬᠦᠷᠭᠡ ᠬᠠᠷᠠᠯᠳᠠ ᠪᠠᠨ ᠲᠤᠭᠳᠠᠭᠰᠠᠨ ᠬᠤᠭᠤᠴᠠᠭᠠᠨ ᠳᠤ ᠪᠡᠶᠡᠯᠡᠬᠦᠯᠬᠦ ᠬᠡᠷᠡᠭᠲᠡᠢ ᠭᠡᠪᠠ᠃         ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠡᠷᠬᠢᠯᠡᠭᠴᠢ ᠡᠤ ᠭᠦᠸᠧ ᠳ᠋ᠦᠩ ᠪᠠᠶᠢᠴᠠᠭᠠᠨ ᠰᠤᠳᠤᠯᠤᠯᠲᠠ ᠬᠢᠬᠦ ᠳᠤ ᠪᠠᠷ᠎ᠠ ᠪᠤᠯᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号