ᠯᠦᠸᠧ ᠬᠤ᠋ ᠽᠠᠢ ᠰᠢᠯᠢ ᠶᠢᠨ ᠬᠤᠳᠠ ᠳᠤ ᠬᠦᠨᠵᠡᠭᠡᠶᠢᠷᠡᠨ ᠪᠤᠬᠢᠷᠲᠦᠯ ᠢ ᠵᠠᠰᠠᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2018/5/23
    5 ᠰᠠᠷ᠎ᠠ ᠶᠢᠨ 16᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠰᠢᠯᠢ ᠶᠢᠨ ᠬᠤᠳᠠ ᠶᠢᠨ ᠭᠡᠰᠡᠭ ᠠᠭᠤᠷᠬᠠᠢ ᠶᠢᠨ ᠠᠵᠤ ᠠᠬᠤᠢᠢᠯᠠᠯ ᠳᠤ ᠬᠦᠷᠴᠤ ᠪᠤᠬᠢᠷᠲᠦᠯ ᠢ ᠵᠠᠰᠠᠬᠤ ᠠᠵᠢᠯ ᠤᠨ ᠲᠤᠬᠠᠢ ᠪᠠᠶᠢᠴᠠᠭᠠᠨ ᠰᠤᠳᠤᠯᠤᠯᠳᠠ ᠬᠢᠵᠤ᠂ ᠶᠡᠷᠦᠩᠭᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ ᠲᠤᠬᠠᠢ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠬᠦᠨᠵᠡᠭᠡᠢ ᠡᠵᠡᠮᠳᠠᠵᠤ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠮᠠᠨ ᠤ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠭᠰᠡᠨ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠦᠪ᠂ ᠦᠪᠡᠷᠲᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠬᠠᠷᠢᠭᠤ ᠲᠤᠰᠬᠠᠬᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠤᠰᠤᠭᠠᠷ᠂ ᠦᠵᠡᠯ ᠰᠠᠨᠠᠭ᠎ᠠ ᠲᠠᠨᠢᠯᠳᠠ ᠪᠠᠨ ᠲᠡᠭᠡᠭᠰᠢᠯᠡᠬᠦᠯᠵᠤ᠂ ᠬᠠᠷᠢᠭᠤᠴᠠᠯᠭ᠎ᠠ ᠪᠠᠨ ᠴᠢᠩᠭᠠᠳᠬᠠᠵᠤ ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠵᠤ᠂ ᠪᠤᠬᠢᠷᠲᠦᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠭᠡᠷᠡᠭᠲᠡᠢ ᠭᠡᠵᠤ ᠴᠢᠬᠤᠯᠠᠴᠢᠯᠠᠪᠠ᠃         ᠰᠢᠯᠢ ᠶᠢᠨ ᠬᠤᠳᠠ ᠶᠢᠨ ᠪᠤᠵᠠᠷ ᠤᠰᠤ ᠰᠢᠢᠳᠪᠤᠷᠢᠯᠡᠬᠦ ᠦᠢᠯᠡᠳᠪᠤᠷᠢ ᠳᠤ ᠯᠦᠸᠧ ᠬᠤ᠋ ᠽᠠᠢ ᠲᠤᠨᠤᠭ ᠲᠦᠬᠦᠭᠡᠷᠦᠮᠵᠢ ᠶᠢᠨ ᠡᠷᠬᠢᠯᠲᠡ᠂ ᠲᠤᠮᠳᠠ ᠤᠰᠤ ᠶᠢ ᠭᠡᠷᠡᠭᠯᠡᠬᠦ ᠪᠠ ᠦᠢᠯᠡᠳᠪᠤᠷᠢ ᠶᠢᠨ ᠤᠷᠴᠢᠨ ᠲᠤᠭᠤᠷᠢᠨ ᠤ ᠵᠠᠰᠠᠯᠳᠠ ᠵᠡᠷᠭᠡ ᠪᠠᠶᠢᠳᠠᠯ ᠢ ᠦᠢᠯᠠᠭᠠᠭᠰᠠᠨ ᠤ ᠲᠠᠷᠠᠭ᠎ᠠ᠂ ᠪᠤᠵᠠᠷ ᠤᠰᠤ ᠶᠢ ᠬᠤᠷᠢᠶᠠᠨ ᠰᠢᠢᠳᠪᠤᠷᠢᠯᠡᠬᠦ ᠨᠤᠷᠮ᠎ᠠ ᠪᠠᠨ ᠲᠡᠭᠡᠭᠰᠢᠯᠡᠬᠦᠯᠵᠤ᠂ ᠲᠤᠮᠳᠠ ᠤᠰᠤ ᠶᠢ ᠶᠡᠷᠦᠩᠭᠡᠶᠢᠯᠡᠨ ᠠᠰᠢᠭᠯᠠᠬᠤ ᠶᠢ ᠠᠬᠢᠭᠤᠯᠵᠤ᠂ ᠬᠢᠵᠠᠭᠠᠷ ᠲᠠᠢ ᠤᠰᠤᠨ ᠤ ᠡᠬᠢ ᠪᠠᠶᠠᠯᠢᠭ ᠢᠶᠠᠷ ᠨᠡᠩ ᠶᠡᠭᠡ ᠦᠷ᠎ᠠ ᠠᠰᠢᠭ ᠢ ᠡᠬᠦᠳᠬᠦ ᠭᠡᠷᠡᠭᠲᠡᠢ ᠭᠡᠵᠤ ᠵᠢᠭᠠᠪᠠ᠃ ᠱᠧᠨ ᠬᠤᠸᠠ ᠢᠯᠠᠯᠳᠠ ᠴᠠᠬᠢᠯᠭᠠᠨ ᠤ ᠦᠢᠯᠡᠳᠪᠤᠷᠢ ᠳᠤ ᠯᠦᠸᠧ  ᠬᠤ᠋ ᠽᠠᠢ ᠲᠦᠷᠦᠯ ᠵᠦᠢᠯ ᠤᠨ ᠠᠬᠢᠴᠠ ᠪᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠤᠨᠤᠭ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠦᠢᠯᠠᠭᠠᠵᠤ᠂ ᠤᠯᠤᠰ ᠤᠨ ᠦᠮᠴᠢᠯᠡᠯᠳᠤ ᠠᠵᠤ ᠠᠬᠤᠢᠢᠯᠠᠯ ᠤᠨ ᠵᠢᠱᠢᠶ᠎ᠠ ᠦᠵᠡᠬᠦᠯᠦᠨ ᠲᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠪᠤᠬᠢᠷᠲᠦᠯ ᠦᠭᠡᠢ ᠬᠦᠭᠵᠢᠯᠲᠡ ᠶᠢᠨ ᠦᠢᠯᠠᠭᠠᠭᠳᠠᠬᠤᠨ ᠢ ᠦᠢᠯᠡᠳᠪᠤᠷᠢᠯᠡᠯ ᠡᠵᠡᠩᠨᠡᠯᠲᠡ ᠶᠢᠨ ᠶᠠᠪᠤᠴᠠ ᠳᠤ ᠠᠭᠤᠰᠤᠯᠴᠠᠭᠤᠯᠵᠤ᠂ ᠰᠢᠯᠢ ᠶᠢᠨ ᠭᠤᠤᠯ ᠳᠤ ᠪᠤᠬᠢᠷᠲᠦᠯ ᠦᠭᠡᠢ ᠴᠠᠬᠢᠯᠭᠠᠨ ᠦᠢᠯᠡᠳᠪᠤᠷᠢ ᠶᠢ ᠪᠠᠶᠢᠭᠤᠯᠬᠤ ᠳᠤ ᠬᠤᠪᠢ ᠨᠡᠮᠡᠷᠢ ᠦᠵᠡᠬᠦᠯᠬᠦ ᠭᠡᠷᠡᠭᠲᠡᠢ ᠭᠡᠵᠤ ᠵᠢᠭᠠᠪᠠ᠃ ᠯᠦᠸᠧ ᠬᠤ᠋ ᠽᠠᠢ ᠰᠢᠩ ᠶᠤᠸᠠᠨ ᠦᠩᠭᠡᠲᠦ ᠲᠡᠮᠦᠷᠯᠢᠭ ᠤᠨ ᠺᠤᠮᠫᠠᠨᠢ ᠶᠢᠨ ᠮᠤᠳᠤᠨ ᠳᠠᠬᠢ ᠴᠠᠭᠠᠨ ᠲᠤᠭᠤᠯᠭ᠎ᠠ ᠶᠢᠨ ᠠᠭᠤᠷᠬᠠᠢ ᠳᠤ ᠪᠠᠶᠢᠳᠠᠯ ᠦᠢᠯᠠᠭᠠᠬᠤ ᠳᠠᠭᠠᠨ᠂ ᠡᠯ᠎ᠡ ᠬᠠᠮᠢᠶ᠎ᠠ ᠪᠦᠬᠦᠢ ᠠᠵᠤ ᠠᠬᠤᠢᠢᠯᠠᠯ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠳᠠ ᠶᠢᠨ ᠴᠢᠬᠤᠯᠠ ᠴᠢᠨᠠᠷ ᠪᠠ ᠲᠦᠪ ᠴᠢᠩᠭ᠎ᠠ ᠴᠢᠨᠠᠷ ᠢ ᠬᠦᠢᠴᠡᠳ ᠲᠠᠨᠢᠵᠤ᠂ ᠡᠯ᠎ᠡ ᠲᠠᠯ᠎ᠠ ᠶᠢᠨ ᠴᠡᠭᠴᠡᠯᠡᠨ ᠰᠠᠶᠢᠵᠢᠷᠠᠭᠤᠯᠬᠤ ᠡᠬᠦᠷᠭᠡ ᠶᠢ ᠲᠤᠭᠳᠠᠭᠰᠠᠨ ᠴᠠᠭ ᠲᠤ ᠨᠠᠶᠢᠳᠠᠪᠤᠷᠢᠵᠢᠭᠤᠯᠵᠤ᠂ ᠪᠤᠳᠠᠳᠤ ᠦᠷ᠎ᠠ ᠪᠦᠲᠦᠮᠵᠢ ᠤᠯᠬᠤ ᠭᠡᠷᠡᠭᠲᠡᠢ ᠭᠡᠵᠤ ᠵᠢᠭᠠᠪᠠ᠃         ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠤ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢᠶᠠᠨ ᠪᠤᠳᠠᠳᠠᠢ ᠨᠠᠶᠢᠳᠠᠪᠤᠷᠢᠵᠢᠭᠤᠯᠬᠤ ᠭᠡᠷᠡᠭᠲᠡᠢ᠃ ᠬᠠᠷᠢᠭᠤᠴᠠᠯᠭ᠎ᠠ ᠨᠡᠭᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠱᠠᠭᠠᠷᠳᠠᠯᠭ᠎ᠠ ᠶᠤᠰᠤᠭᠠᠷ ᠡᠬᠦᠷᠭᠡ ᠪᠠᠨ ᠪᠠᠶᠡᠯᠡᠬᠦᠯᠦᠭᠰᠡᠨ ᠦᠭᠡᠢ ᠭᠠᠵᠠᠷ ᠤᠷᠤᠨ᠂ ᠰᠠᠯᠠᠭ᠎ᠠ ᠮᠦᠴᠢᠷ ᠪᠠ ᠠᠵᠤ ᠠᠬᠤᠢᠢᠯᠠᠯ ᠤᠨ ᠬᠠᠷᠢᠭᠤᠴᠠᠯᠭᠠᠳᠠᠨ ᠢ ᠬᠠᠤᠯᠢ ᠶᠤᠰᠤᠭᠠᠷ ᠴᠢᠩᠭ᠎ᠠ ᠰᠢᠳᠭᠡᠬᠦ ᠭᠡᠷᠡᠭᠲᠡᠢ᠃ ᠬᠠᠤᠯᠢ ᠭᠡᠷᠡᠭᠵᠢᠬᠦᠯᠦᠨ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠦᠷᠢᠶ᠎ᠡ ᠭᠡᠪᠴᠢᠶᠠᠨ ᠳᠠᠬᠢ ᠬᠠᠤᠯᠢ ᠲᠦᠷᠢᠮ ᠢ ᠵᠦᠷᠢᠴᠡᠭᠰᠡᠨ ᠠᠰᠠᠭᠤᠳᠠᠯ ᠢ ᠴᠢᠩᠭ᠎ᠠ ᠰᠢᠢᠳᠪᠤᠷᠢᠯᠡᠵᠤ᠂ ᠠᠰᠠᠭᠤᠳᠠᠯ ᠤᠨ ᠲᠡᠯᠳᠡ ᠭᠡᠮ ᠢ ᠠᠷᠢᠯᠭᠠᠬᠤ ᠭᠡᠷᠡᠭᠲᠡᠢ ᠭᠡᠪᠡ᠃         ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠨᠠᠷᠢᠨ ᠪᠢᠴᠢᠭ ᠤᠨ ᠲᠠᠷᠤᠭ᠎ᠠ ᠸᠠᠩ ᠷᠦᠢ ᠵᠢᠴᠢ ᠰᠢᠯᠢ ᠶᠢᠨ ᠬᠤᠳᠠ᠂ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠷ᠎ᠠ ᠪᠤᠯᠵᠤ ᠪᠠᠶᠢᠴᠠᠭᠠᠨ ᠰᠤᠳᠤᠯᠤᠯᠲᠡ ᠬᠢᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号