ᠮᠠᠨ ᠤ ᠠᠶᠢᠮᠠᠬ 31 ᠠᠵᠦ ᠠᠬᠤᠢᠢᠯᠠᠯ ᠢ ᠲᠤᠯᠤᠳᠤᠭᠠᠷ ᠪᠦᠯᠦᠭ ᠤᠨ ᠠᠶᠢᠮᠠᠭ ᠤᠨ ᠲᠡᠰ ᠤᠨ ᠮᠠᠯ ᠲᠠᠷᠢᠶᠠᠯᠠᠩ ᠦᠢᠯᠡᠰ ᠤᠨ ᠠᠵᠦ ᠤᠢᠢᠯᠠᠰᠵᠢᠯᠳᠠ ᠶᠢᠨ ᠲᠤᠯᠤᠭᠠᠢᠢᠯᠠᠭᠴᠢ ᠠᠵᠦ ᠠᠬᠤᠢᠢᠯᠠᠯ ᠢᠶᠠᠷ ᠦᠨᠡᠯᠡᠨ ᠲᠤᠭᠳᠠᠭᠠᠪᠠ
ᠨᠡᠶᠢᠲᠡᠯᠡᠭᠰᠡᠨ ᠴᠠᠭ᠄
2018-05-25
    ᠤᠢᠢᠷ᠎ᠠ ᠶᠢᠨ ᠵᠢᠯ ᠳᠤ᠂ ᠮᠠᠨ ᠤ ᠠᠶᠢᠮᠠᠭ ᠮᠠᠯ ᠲᠠᠷᠢᠶᠠᠯᠠᠩ ᠦᠢᠯᠡᠰ ᠤᠨ ᠠᠵᠦ ᠦᠢᠯᠡᠰᠵᠢᠯᠳᠠ ᠶᠢᠨ ᠲᠤᠯᠤᠭᠠᠢᠢᠯᠠᠭᠴᠢ ᠠᠵᠦ ᠠᠬᠤᠢᠢᠯᠠᠯ ᠢ ᠲᠠᠳᠠᠨ ᠤᠷᠤᠭᠤᠯᠬᠤ ᠪᠠ ᠪᠤᠶᠢᠵᠢᠭᠤᠯᠬᠤ ᠶᠢ ᠴᠢᠩᠭᠠᠳᠬᠠᠵᠦ᠂ ᠠᠷᠠᠯᠵᠢᠶᠠᠴᠢᠨ ᠤᠷᠢᠵᠦ ᠪᠡᠯᠡ ᠲᠠᠳᠠᠬᠤ ᠶᠢ ᠦᠷᠬᠦᠯᠵᠢᠯᠡᠨ ᠨᠡᠮᠡᠭᠳᠡᠬᠦᠯᠵᠦ᠂ ᠳ᠋ᠠ ᠵᠤᠸᠠᠩ ᠶᠤᠸᠠᠨ᠂ ᠶᠤᠸᠠᠨ ᠱᠧᠩ ᠵᠡᠷᠭᠡ ᠤᠯᠤᠰ ᠪᠠ ᠥᠪᠡᠷᠲᠡᠭᠡᠨ ᠵᠠᠰᠠᠬᠤ ᠤᠷᠤᠨ ᠤ ᠲᠤᠯᠤᠭᠠᠢᠢᠯᠠᠭᠴᠢ ᠠᠵᠦ ᠠᠬᠤᠢᠢᠯᠠᠯ ᠢ ᠰᠢᠯᠢ ᠶᠢᠨ ᠭᠤᠤᠯ ᠠᠶᠢᠮᠠᠭ ᠲᠤ ᠰᠠᠭᠤᠷᠢᠰᠢᠭᠤᠯᠵᠦ᠂ ᠰᠢᠯᠢ ᠶᠢᠨ ᠭᠤᠤᠯ ᠤᠨ ᠦᠵᠦᠮᠦᠴᠢᠨ ᠬᠤᠨᠢᠨ ᠤ ᠦᠢᠯᠡᠰ᠂ ᠰᠢᠯᠢ ᠶᠢᠨ ᠭᠤᠤᠯ ᠤᠨ ᠤᠯᠠᠭᠠᠨ ᠢᠳᠡᠭᠡᠨ ᠵᠡᠷᠭᠡ ᠤᠷᠤᠨ ᠨᠤᠲᠤᠭ ᠤᠨ ᠠᠵᠦ ᠠᠬᠤᠢᠢᠯᠠᠯ ᠢ ᠪᠤᠵᠠᠭᠠᠢᠢᠷᠠᠭᠤᠯᠤᠨ᠂ ᠮᠠᠯ ᠲᠠᠷᠢᠶᠠᠯᠠᠩ ᠦᠢᠯᠡᠰ ᠤᠨ ᠠᠵᠦ ᠦᠢᠯᠡᠰᠵᠢᠯᠲᠠ ᠪᠠ ᠮᠠᠯᠴᠢᠳ ᠤᠨ ᠤᠷᠤᠯᠭ᠎ᠠ ᠶᠢᠨ ᠨᠡᠮᠡᠭᠳᠡᠯ ᠢ ᠠᠬᠢᠭᠤᠯᠵᠦ᠂ ᠮᠠᠨ ᠤ ᠠᠶᠢᠮᠠᠭ ᠤᠨ ᠤᠳᠤ ᠦᠶ᠎ᠡ ᠶᠢᠨ ᠮᠠᠯ ᠲᠠᠷᠢᠶᠠᠯᠠᠩ ᠦᠢᠯᠡᠰ ᠤᠨ ᠭᠦᠭᠵᠢᠯᠲᠠ ᠳᠤ ᠢᠳᠡᠪᠬᠢᠲᠠᠢ ᠬᠤᠪᠢ ᠨᠡᠮᠡᠷᠢ ᠦᠵᠡᠬᠦᠯᠵᠠᠢ᠃         ᠮᠠᠯ ᠲᠠᠷᠢᠶᠠᠯᠠᠩ ᠦᠢᠯᠡᠰ ᠤᠨ ᠠᠵᠦ ᠦᠢᠯᠡᠰᠵᠢᠭᠰᠡᠨ ᠡᠵᠡᠩᠨᠡᠯᠲᠡ ᠶᠢ ᠠᠬᠢᠭᠤᠯᠵᠦ᠂ ᠮᠠᠯ ᠲᠠᠷᠢᠶᠠᠯᠠᠩ ᠦᠢᠯᠡᠰ ᠤᠨ ᠲᠤᠯᠤᠭᠠᠢᠢᠯᠠᠭᠴᠢ ᠠᠵᠦ ᠠᠬᠤᠢᠢᠯᠠᠯ ᠤᠨ ᠬᠦᠭᠵᠢᠯᠲᠠ ᠶᠢ ᠲᠦᠷᠭᠡᠳᠭᠡᠬᠦ ᠶᠢᠨ ᠲᠤᠯᠠᠳᠠ᠂ ᠠᠶᠢᠮᠠᠭ ᠤᠨ ᠮᠠᠯ ᠲᠠᠷᠢᠶᠠᠯᠠᠩ ᠦᠢᠯᠡᠰ ᠤᠨ ᠠᠵᠦ ᠦᠢᠯᠡᠰᠵᠢᠯᠲᠠ ᠶᠢᠨ ᠬᠤᠯᠪᠤᠭᠠᠲᠤ ᠬᠤᠷᠠᠯ ᠤᠷᠴᠢᠮ ᠦᠨᠡᠯᠡᠨ ᠲᠤᠭᠳᠠᠭᠠᠬᠤ᠂ ᠢᠯᠡ ᠨᠡᠶᠢᠳᠡᠯᠡᠬᠦ᠂ ᠠᠶᠢᠮᠠᠭ ᠤᠨ ᠵᠠᠬᠢᠷᠭ᠎ᠠ ᠶᠢᠨ ᠵᠦᠪᠰᠢᠶᠡᠷᠡᠯ ᠢ ᠤᠯᠬᠤ ᠵᠡᠷᠭᠡ ᠶᠠᠪᠤᠴᠠ ᠪᠠᠷ ᠥᠪᠥᠷ ᠮᠤᠩᠭᠤᠯ ᠤᠨ ᠬᠤᠤ ᠲᠧᠩ ᠮᠠᠯ ᠠᠵᠦ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠺᠤᠮᠫᠠᠨᠢ ᠵᠡᠷᠭᠡ 31 ᠠᠵᠦ ᠠᠬᠤᠢᠢᠯᠠᠯ ᠢ ᠠᠶᠢᠮᠠᠭ ᠤᠨ ᠲᠡᠰ ᠤᠨ ᠮᠠᠯ ᠲᠠᠷᠢᠶᠠᠯᠠᠩ ᠦᠢᠯᠡᠰ ᠤᠨ ᠠᠵᠦ ᠦᠢᠯᠡᠰᠵᠢᠯᠳᠠ ᠶᠢᠨ ᠭᠤᠤᠯᠳᠠᠯᠭᠠᠲᠤ ᠲᠤᠯᠤᠭᠠᠢᠢᠯᠠᠭᠴᠢ ᠠᠵᠦ ᠠᠬᠤᠢᠢᠯᠠᠯ ᠢᠶᠠᠷ ᠦᠨᠡᠯᠡᠨ ᠲᠤᠭᠳᠠᠭᠠᠪᠠ᠃ ᠡᠬᠦᠨ ᠤ ᠬᠠᠮᠲᠤ ᠬᠢᠨᠠᠨ ᠰᠢᠯᠭᠠᠯᠲᠠ ᠪᠠᠷ ᠲᠠᠮᠵᠢᠭᠤᠯᠵᠦ᠂ ᠥᠩᠬᠡᠷᠡᠭᠰᠡᠨ ᠪᠦᠯᠦᠭ ᠤᠨ 36 ᠠᠶᠢᠮᠠᠭ ᠤᠨ ᠲᠡᠰ ᠤᠨ ᠮᠠᠯ ᠲᠠᠷᠢᠶᠠᠯᠠᠩ ᠦᠢᠯᠡᠰ ᠤᠨ ᠲᠤᠯᠤᠭᠠᠢᠢᠯᠠᠭᠴᠢ ᠠᠵᠦ ᠠᠬᠤᠢᠢᠯᠠᠯ ᠤᠨ ᠬᠢᠷᠢ ᠬᠡᠮ ᠢ ᠦᠯᠡᠳᠡᠬᠡᠵᠦ᠂ ᠬᠡᠪᠴᠢᠶᠡᠵᠢᠯ᠂ ᠡᠵᠡᠩᠨᠡᠯᠲᠡ᠂ ᠨᠡᠶᠢᠬᠡᠮ ᠤᠨ ᠦᠷ᠎ᠡ ᠠᠰᠢᠭ ᠢᠶᠠᠷ ᠠᠨᠠᠢ 18 ᠠᠵᠦ ᠠᠬᠤᠢᠢᠯᠠᠯ ᠤᠨ ᠬᠢᠷᠢ ᠬᠡᠮ ᠢ ᠦᠬᠡᠶᠢᠰᠬᠡᠪᠡ᠃         ᠬᠤᠶᠢᠰᠢᠲᠠ᠂ ᠮᠠᠨ ᠤ ᠠᠶᠢᠮᠠᠭ ︽ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠮᠠᠯ ᠲᠠᠷᠢᠶᠠᠯᠠᠩ ᠦᠢᠯᠡᠰ ᠤᠨ ᠠᠵᠦ ᠦᠢᠯᠡᠰᠵᠢᠯᠳᠠ ᠶᠢᠨ ᠲᠤᠯᠤᠭᠠᠢᠢᠯᠠᠭᠴᠢ ᠠᠵᠦ ᠠᠬᠤᠢᠢᠯᠠᠯ ᠤᠨ ᠬᠦᠭᠵᠢᠯᠲᠠ ᠶᠢ ᠲᠡᠮᠵᠢᠬᠦ ᠲᠤᠬᠠᠢ ᠰᠠᠨᠠᠯ︾ ᠪᠠ ︽ᠰᠢᠯᠢ ᠶᠢᠨ ᠭᠤᠤᠯ ᠠᠶᠢᠮᠠᠭ ᠤᠨ ᠮᠠᠯ ᠲᠠᠷᠢᠶᠠᠯᠠᠩ ᠦᠢᠯᠡᠰ ᠤᠨ ᠠᠵᠦ ᠦᠢᠯᠡᠰᠵᠢᠯᠳᠠ ᠶᠢᠨ ᠭᠤᠤᠯᠳᠠᠯᠭᠠᠳᠤ ᠲᠤᠯᠤᠭᠠᠢᠢᠯᠠᠭᠴᠢ ᠠᠵᠦ ᠠᠬᠤᠢᠢᠯᠠᠯ ᠢ ᠦᠨᠡᠯᠡᠨ ᠲᠤᠭᠳᠠᠭᠠᠬᠤ ᠪᠡ ᠬᠢᠨᠠᠨ ᠬᠠᠮᠢᠶᠠᠷᠬᠤ ᠠᠷᠭ᠎ᠠ︾᠎ ᠶᠢᠨ ᠱᠠᠭᠠᠷᠳᠠᠯᠭ᠎ᠠ ᠪᠠᠷ᠂ ᠲᠤᠯᠤᠭᠠᠢᠢᠯᠠᠭᠴᠢ ᠠᠵᠦ ᠠᠬᠤᠢᠢᠯᠠᠯ ᠤᠨ ᠪᠤᠯᠪᠠᠰᠤᠷᠠᠯ ᠢ ᠴᠢᠩᠭᠠᠳᠬᠠᠵᠦ᠂ ᠮᠠᠯ ᠲᠠᠷᠢᠶᠠᠯᠠᠩ ᠦᠢᠯᠡᠰ ᠤᠨ ᠠᠵᠦ ᠦᠢᠯᠡᠰᠵᠢᠯᠲᠠ ᠶᠢ ᠠᠬᠢᠭᠤᠯᠤᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号