68 ᠠᠶᠢᠮᠠᠭ ᠤᠨ ᠲᠠᠰ ᠤᠨ ᠭᠤᠤᠯᠳᠠᠯᠭᠠᠳᠤ ᠲᠦᠷᠦᠯ ᠵᠦᠢᠯ ᠠᠵᠢᠯ ᠢᠶᠠᠨ ᠡᠬᠢᠯᠡᠬᠦᠯᠪᠡ
ᠨᠡᠶᠢᠲᠡᠯᠡᠭᠰᠡᠨ ᠴᠠᠭ᠄
2018-05-25
    ᠡᠨᠡ ᠵᠢᠯ᠂ ᠮᠠᠨ ᠤ ᠠᠶᠢᠮᠠᠭ 148 ᠭᠤᠤᠯᠳᠠᠯᠭᠠᠳᠤ ᠲᠦᠷᠦᠯ ᠵᠦᠢᠯ ᠳᠤ 475 ᠳ᠋ᠦᠩᠰᠢᠭᠤᠷ ᠲᠦᠬᠦᠷᠢᠭ ᠪᠡᠯᠡ ᠤᠷᠤᠭᠤᠯᠬᠤ ᠪᠠᠷ ᠲᠦᠯᠦᠪᠯᠡᠵᠤ᠂ 4 ᠰᠠᠷ᠎ᠠ ᠪᠤᠯᠳᠠᠯ᠎ᠠ᠂ 68 ᠠᠶᠢᠮᠠᠭ ᠤᠨ ᠲᠠᠰ ᠤᠨ ᠭᠤᠤᠯᠳᠠᠯᠭᠠᠳᠤ ᠲᠦᠷᠦᠯ ᠵᠦᠢᠯ ᠪᠠᠷᠢᠯᠭ᠎ᠠ ᠪᠠᠨ ᠰᠡᠷᠭᠦᠭᠡᠭᠰᠡᠨ ᠪᠤᠶᠤ ᠡᠬᠢᠯᠡᠬᠦᠯᠵᠤ᠂ 19.3 ᠳ᠋ᠦᠩᠰᠢᠭᠤᠷ ᠲᠦᠬᠦᠷᠢᠭ ᠪᠡᠯᠡ ᠤᠷᠤᠭᠤᠯᠵᠤ᠂ ᠴᠠᠭ ᠬᠤᠭᠤᠴᠠᠭ᠎ᠠ ᠠᠬᠢᠴᠠ ᠶᠢᠨ ᠱᠠᠭᠠᠷᠳᠠᠯᠭ᠎ᠠ ᠲᠠᠢ ᠬᠠᠷᠭᠤᠭᠤᠯᠪᠠᠯ᠂ ᠶᠡᠷᠦᠩᠭᠡᠢ ᠠᠬᠢᠴᠠ ᠨᠢ ᠤᠳᠠᠭᠠᠨ ᠵᠡᠷᠭᠡ ᠠᠰᠠᠭᠤᠳᠠᠯ ᠤᠷᠤᠰᠢᠵᠤ ᠪᠠᠶᠢᠨ᠎ᠠ᠃         5 ᠰᠠᠷ᠎ᠠ ᠶᠢᠨ 16᠎ ᠤ ᠡᠳᠦᠷ᠂ ᠠᠶᠢᠮᠠᠭ ᠤᠨ ᠭᠤᠤᠯᠳᠠᠯᠭᠠᠳᠤ ᠲᠦᠷᠦᠯ ᠵᠦᠢᠯ ᠤᠨ ᠠᠯᠪᠠᠨ ᠭᠡᠷ᠂ ᠮᠦᠩᠬᠦᠨ ᠬᠦᠢᠯᠭᠡᠭᠡᠨ ᠤ ᠠᠯᠪᠠᠨ ᠭᠡᠷ ᠬᠠᠮᠳᠤᠷᠠᠨ ᠭᠤᠤᠯᠳᠠᠯᠭᠠᠳᠤ ᠲᠦᠷᠦᠯ ᠵᠦᠢᠯ ᠤᠨ ᠪᠡᠯᠡ ᠮᠦᠩᠬᠦ ᠬᠤᠷᠠᠮᠳᠤᠭᠤᠯᠬᠤ ᠶᠢ ᠠᠬᠢᠭᠤᠯᠬᠤ ᠲᠤᠰᠬᠠᠢ ᠬᠤᠷᠠᠯ ᠬᠤᠷᠠᠯᠳᠤᠭᠤᠯᠵᠤ᠂ ᠭᠤᠤᠯᠳᠠᠯᠭᠠᠳᠤ ᠲᠦᠷᠦᠯ ᠵᠦᠢᠯ ᠳᠤ ᠪᠡᠯᠡ ᠮᠦᠩᠬᠦ ᠬᠤᠷᠠᠮᠳᠤᠭᠤᠯᠬᠤ᠂ ᠲᠡᠪᠴᠡᠩ ᠬᠠᠩᠭᠠᠬᠤ᠂ ᠪᠠᠩᠬᠢ ᠠᠵᠤ ᠠᠬᠤᠢᠢᠯᠠᠯ ᠢ ᠵᠤᠯᠭᠠᠯᠴᠠᠭᠤᠯᠬᠤ ᠵᠡᠷᠭᠡ ᠠᠵᠢᠯ ᠢ ᠲᠤᠰᠬᠠᠢ ᠰᠤᠳᠤᠯᠵᠤ᠂ ᠭᠤᠤᠯᠳᠠᠯᠭᠠᠳᠤ ᠲᠦᠷᠦᠯ ᠵᠦᠢᠯ ᠤᠨ ᠡᠷᠲᠡ ᠪᠠᠶᠢᠭᠤᠯᠤᠭᠳᠠᠬᠤ ᠶᠢ ᠵᠤᠷᠢᠵᠠᠢ᠃         ᠬᠤᠷᠠᠯ ᠠᠴᠠ ᠵᠢᠭᠠᠬᠤ ᠳᠠᠭᠠᠨ᠂ ᠡᠨᠡ ᠵᠢᠯ ᠤᠨ ᠭᠤᠤᠯᠳᠠᠯᠭᠠᠳᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠰᠠᠶᠢᠳᠤᠷ ᠬᠢᠬᠦ ᠳᠤ ᠬᠠᠷᠢᠭᠤᠴᠠᠯᠭ᠎ᠠ ᠶᠡᠭᠡ᠂ ᠡᠬᠦᠷᠭᠡ ᠬᠦᠨᠳᠤ᠂ ᠡᠯ᠎ᠡ ᠱᠠᠳᠤᠨ ᠤ ᠡᠯ᠎ᠡ ᠰᠠᠯᠠᠭ᠎ᠠ ᠮᠦᠴᠢᠷ ᠬᠠᠷᠠᠯᠳᠠ ᠪᠠᠷ ᠤᠳᠤᠷᠢᠳᠤᠮᠵᠢ ᠪᠤᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠠᠰᠠᠭᠤᠳᠠᠯ ᠳᠠᠭᠠᠨ ᠬᠠᠨᠳᠤᠭᠤᠯᠤᠨ ᠤᠨᠢᠨ ᠲᠡᠭᠡᠷ᠎ᠠ ᠨᠢ ᠬᠦᠴᠦᠯᠡᠵᠤ᠂ ᠭᠤᠤᠯᠳᠠᠯᠭᠠᠳᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠭᠡᠷᠡᠭᠲᠡᠢ ᠭᠡᠪᠡ᠃         ᠠᠶᠢᠮᠠᠭ ᠤᠨ ᠭᠤᠤᠯᠳᠠᠯᠭᠠᠳᠤ ᠲᠦᠷᠦᠯ ᠵᠦᠢᠯ ᠤᠨ ᠠᠯᠪᠠᠨ ᠭᠡᠷ᠂ ᠮᠦᠩᠬᠦᠨ ᠬᠦᠢᠯᠭᠡᠭᠡᠨ ᠤ ᠠᠯᠪᠠᠨ ᠭᠡᠷ᠂ ᠮᠦᠩᠬᠦᠨ ᠬᠦᠢᠯᠭᠡᠭᠡᠨ ᠤ ᠪᠠᠶᠢᠭᠤᠯᠤᠮᠵᠢ᠂ ᠲᠦᠷᠦᠯ ᠵᠦᠢᠯ ᠤᠨ ᠪᠠᠶᠢᠭᠤᠯᠭ᠎ᠠ ᠨᠢᠭᠡᠴᠡ ᠶᠢᠨ ᠭᠤᠤᠯ ᠬᠠᠷᠢᠭᠤᠴᠠᠯᠭᠠᠳᠠᠨ ᠬᠤᠷᠠᠯ ᠳᠤ ᠤᠷᠤᠯᠴᠠᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号