ᠡᠨᠡ ᠵᠢᠯ᠂ ᠮᠠᠨ ᠤ ᠠᠶᠢᠮᠠᠭ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠯᠲᠠ ᠳᠤ ᠬᠠᠷᠢᠭᠤ ᠲᠤᠰᠬᠠᠬᠰᠠᠨ ᠰᠠᠨᠠᠯ ᠢ ᠦᠷᠬᠦᠯᠵᠢᠯᠡᠨ ᠢᠳᠡᠪᠬᠢᠲᠠᠢ ᠨᠠᠶᠢᠳᠠᠪᠤᠷᠢᠵᠢᠭᠤᠯᠵᠦ᠂ ᠵᠢᠯ ᠤᠨ | ᠡᠴᠦᠰ ᠠᠴᠠ ᠡᠮᠦᠨ᠎ᠡ 3 ᠵᠤᠷᠪᠤᠰ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠠᠵᠢᠯ ᠤᠨ ᠡᠷᠴᠢᠮ ᠢᠶᠠᠨ | ᠴᠢᠩᠭᠠᠳᠬᠠᠵᠤ ᠪᠠᠶᠢᠨ᠎ᠡ᠃ | ᠤᠢᠢᠯᠠᠭᠠᠭᠰᠠᠨ ᠢᠶᠠᠷ᠂ 2017 ᠤᠨ ᠳᠤ ᠮᠠᠨ ᠤ ᠠᠶᠢᠮᠠᠭ ᠲᠦᠪ ᠤᠨ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠬᠰᠠᠨ ᠰᠠᠨᠠᠯ ᠪᠠ ᠵᠠᠰᠠᠨ ᠰᠠᠶᠢᠵᠢᠷᠠᠭᠤᠯᠬᠤ | ᠠᠵᠢᠯ ᠤᠨ ᠱᠠᠭᠠᠷᠳᠠᠯᠭ᠎ᠠ ᠶᠤᠰᠤᠭᠠᠷ᠂ ︽ᠰᠢᠯᠢ ᠶᠢᠨ ᠭᠤᠤᠯ ᠠᠶᠢᠮᠠᠭ ᠤᠨ ᠲᠦᠪ ᠤᠨ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠬᠠᠷᠢᠭᠤ ᠲᠤᠰᠬᠠᠬᠰᠠᠨ ᠰᠠᠨᠠᠯ ᠢ ᠵᠠᠰᠠᠨ ᠰᠠᠶᠢᠵᠢᠷᠠᠭᠤᠯᠬᠤ | ᠲᠦᠰᠦᠯ︾ ᠢ ᠲᠤᠭᠳᠠᠭᠠᠵᠦ᠂ ᠤᠷᠴᠢᠨ ᠲᠤᠭᠤᠷᠢᠨ ᠤ ᠬᠠᠮᠠᠭᠠᠯᠠᠯᠲᠠ᠂ ᠠᠵᠦ ᠦᠢᠯᠡᠰ ᠤᠨ ᠪᠠᠶᠢᠷᠢᠰᠢᠭᠤᠯᠤᠯᠲᠠ ᠪᠠ | ᠪᠤᠬᠢᠷᠳᠤᠯ ᠢ ᠰᠡᠷᠭᠡᠶᠢᠯᠡᠨ ᠵᠠᠰᠠᠬᠤ ᠵᠡᠷᠭᠡ 3 ᠲᠠᠯ᠎ᠠ ᠪᠠᠷ ᠤᠷᠤᠰᠢᠵᠦ ᠪᠠᠶᠢᠭ᠎ᠠ 18 ᠵᠤᠷᠪᠤᠰ ᠠᠰᠠᠭᠤᠳᠠᠯ ᠢ | ᠢᠯᠡᠷᠡᠭᠦᠯᠵᠦ᠂ ᠡᠬᠦᠨ ᠳᠤ ᠴᠠᠭ ᠲᠤᠬᠠᠢ ᠳᠤᠨᠢ ᠵᠠᠰᠠᠨ ᠰᠠᠶᠢᠵᠢᠷᠠᠭᠤᠯᠬᠤ ᠠᠰᠠᠭᠤᠳᠠᠯ 4᠂ ᠲᠤᠭᠳᠠᠭᠰᠠᠨ | ᠬᠤᠭᠤᠴᠠᠭᠠᠨ ᠳᠤ ᠵᠠᠰᠠᠨ ᠰᠠᠶᠢᠵᠢᠷᠠᠭᠤᠯᠬᠤ ᠠᠰᠠᠭᠤᠳᠠᠯ 7᠂ ᠵᠠᠰᠠᠨ ᠰᠠᠶᠢᠵᠢᠷᠠᠭᠤᠯᠬᠤ ᠶᠢ ᠤᠷᠲᠤ | ᠬᠤᠭᠤᠴᠠᠭ᠎ᠠ ᠪᠠᠷ ᠪᠠᠷᠢᠮᠳᠠᠯᠠᠬᠤ 7 ᠵᠤᠷᠪᠤᠰ ᠪᠤᠢ᠃ | ᠮᠠᠨ ᠤ ᠠᠶᠢᠮᠠᠭ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢ ᠪᠦᠬᠦ ᠲᠠᠯ᠎ᠠ ᠪᠡ ᠪᠠᠶᠢᠯᠳᠤᠬᠤ | ᠪᠤᠳᠤᠯᠭ᠎ᠠ ᠶᠢᠨ ᠪᠠᠶᠢᠷᠢᠨ ᠳᠤ ᠲᠠᠯᠪᠢᠵᠦ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠵᠠᠰᠠᠨ ᠰᠠᠶᠢᠵᠢᠷᠠᠭᠤᠯᠬᠤ ᠠᠵᠢᠯ ᠤᠨ ᠵᠤᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ | ᠨᠠᠶᠢᠳᠠᠪᠤᠷᠢᠵᠢᠭᠤᠯᠵᠦ᠂ ᠠᠰᠠᠭᠤᠳᠠᠯ ᠢ ᠵᠠᠰᠠᠨ ᠰᠠᠶᠢᠵᠢᠷᠠᠭᠤᠯᠬᠤ ᠶᠢ ᠴᠢᠩᠭ᠎ᠠ ᠠᠳᠬᠤᠵᠦ ᠬᠦᠨᠵᠡᠬᠡᠶᠢᠷᠡᠬᠦᠯᠦᠨ | ᠠᠬᠢᠭᠤᠯᠪᠠ᠃ | 2017 ᠤᠨ ᠳᠤ᠂ 18 ᠠᠰᠠᠭᠤᠳᠠᠯ ᠤᠨ 6 ᠶᠢ ᠨᠢ ᠨᠢᠬᠡᠨᠳᠡ ᠵᠠᠰᠠᠨ ᠰᠠᠶᠢᠵᠢᠷᠠᠭᠤᠯᠵᠦ᠂ ᠡᠬᠦᠨ ᠳᠤ 4 | ᠠᠰᠠᠭᠤᠳᠠᠯ ᠢ ᠴᠠᠭ ᠲᠤᠬᠠᠢ ᠳᠤᠨᠢ ᠵᠠᠰᠠᠨ ᠰᠠᠶᠢᠵᠢᠷᠠᠭᠤᠯᠵᠦ᠂ ︽ᠳᠤᠰᠤ ᠨᠡᠮᠡᠬᠦ ᠦᠷᠳᠡᠬᠡᠨ ᠤ ᠴᠢᠶᠢᠦ ᠳᠤᠰᠤ ᠶᠢᠨ | ᠪᠤᠬᠢᠷᠳᠤᠯ ᠢ ᠵᠠᠰᠠᠬᠤ︾ ᠪᠠ ︽ᠵᠢᠵᠢᠭ ᠬᠡᠯᠪᠡᠷᠢ ᠶᠢᠨ ᠨᠡᠬᠦᠷᠡᠰᠦ ᠰᠢᠳᠠᠭᠠᠬᠤ ᠵᠤᠤᠬ᠎ᠠ ᠶᠢ ᠵᠤᠭᠰᠤᠭᠠᠬᠤ︾ ᠵᠡᠷᠭᠡ 2 | ᠠᠰᠠᠭᠤᠳᠠᠯ ᠢ ᠲᠤᠭᠳᠠᠭᠰᠠᠨ ᠬᠤᠭᠤᠴᠠᠭᠠᠨ ᠳᠤ ᠵᠠᠰᠠᠨ ᠰᠠᠶᠢᠵᠢᠷᠠᠭᠤᠯᠵᠦ ᠲᠠᠭᠤᠰᠬᠠᠪᠠ᠃ | ᠨᠢᠳᠤᠨᠤᠨ ᠦᠪᠦᠷ ᠮᠤᠩᠭᠤᠯ ᠤᠨ ᠵᠢᠢ ᠲᠦᠩ ᠲᠠᠮᠦᠷ ᠵᠠᠮ ᠤᠨ ᠺᠤᠮᠫᠠᠨᠢ ᠶᠢᠨ ᠠᠷᠦ ᠲᠠᠯ᠎ᠠ ᠶᠢᠨ | ᠬᠠᠮᠢᠶᠠᠷᠤᠯᠳᠠ ᠶᠢᠨ ᠭᠠᠵᠠᠷ ᠤᠨ 4 ᠨᠡᠬᠦᠷᠡᠰᠤ ᠰᠢᠳᠠᠭᠠᠬᠤ ᠵᠤᠤᠬ᠎ᠠ ᠶᠢ ᠵᠤᠭᠰᠤᠭᠠᠪᠠ᠃ ᠡᠨᠡ 4 ᠵᠤᠤᠬ᠎ᠠ ᠨᠢ 10 | ᠲᠦᠮᠡ ᠭᠠᠷᠤᠢ ᠬᠠᠪᠳᠠᠭᠠᠢ ᠲᠦᠷᠪᠡᠯᠵᠢᠨ ᠮᠧᠳ᠋ᠷ ᠲᠠᠯᠠᠪᠠᠢ ᠳᠤ ᠲᠤᠯᠠᠭᠠᠯᠠᠭ᠎ᠠ ᠬᠠᠩᠭᠠᠵᠤ᠂ ᠡᠬᠦᠨ ᠳᠤ ᠵᠦᠪᠭᠡᠨ ᠵᠢᠢ | ᠲᠦᠩ ᠯᠢ ᠳ᠋ᠦ᠋ ᠰᠠᠭᠤᠭᠠᠯᠢ ᠠᠷᠠᠳ ᠤᠨ ᠲᠤᠭᠤᠷᠢᠭ ᠨᠢᠭᠡ ᠵᠢᠯ ᠳᠡᠭᠡᠨ ᠪᠠᠷᠤᠭ 4000 ᠲᠤᠨ ᠨᠡᠬᠦᠷᠡᠰᠤ | ᠰᠢᠳᠠᠭᠠᠳᠠᠭ᠂ ᠤᠳᠤ ᠪᠦᠬᠦᠨ ᠢ ᠰᠢᠯᠢ ᠶᠢᠨ ᠬᠤᠳᠠ ᠶᠢᠨ ᠲᠦᠪᠯᠡᠷᠡᠩᠬᠦᠢ ᠲᠤᠯᠠᠭᠠᠯᠠᠭ᠎ᠠ ᠶᠢᠨ ᠲᠤᠤᠷ ᠲᠤ ᠨᠢᠭᠡᠳᠭᠡᠪᠡ | ᠃ ᠲᠤᠰ ᠰᠠᠭᠤᠭᠠᠯᠢ ᠠᠷᠠᠳ ᠤᠨ ᠲᠤᠭᠤᠷᠢᠭ ᠤᠨ ᠵᠠᠩ ᠠᠪᠠᠭ᠋ᠠᠢ᠄ ︽ᠦᠩᠬᠡᠷᠡᠭᠰᠡᠨ ᠳᠤ ᠮᠠᠨ ᠤ ᠭᠡᠷ ᠤᠨ ᠡᠮᠦᠨ᠎ᠡ | ᠲᠠᠷᠢᠭᠰᠠᠨ ᠨᠤᠭᠤᠭ᠎ᠠ ᠤᠳᠤᠭ᠎ᠠ ᠲᠤᠭᠤᠰᠤᠨ ᠳᠤ ᠲᠠᠷᠤᠭᠳᠠᠭᠠᠳ ᠢᠳᠡᠬᠦ ᠶᠢᠨ ᠠᠷᠭ᠎ᠠ ᠦᠭᠡᠢ ᠪᠠᠶᠢᠳᠠᠬ᠂ | ᠤᠬᠢᠶ᠋ᠬᠠᠰᠠᠨ ᠬᠤᠪᠴᠠᠰᠤ ᠪᠠᠨ ᠬᠠᠳᠠᠭᠠᠬᠤ ᠠᠷᠭ᠎ᠠ ᠦᠬᠡᠢ᠂ ᠦᠷᠯᠦᠭᠡ ᠡᠷᠲᠡ ᠪᠡᠶ᠎ᠠ ᠪᠠᠨ ᠪᠤᠯᠪᠠᠰᠤᠷᠠᠭᠤᠯᠬᠤ ᠳᠤ | ᠤᠳᠤᠭᠠᠨ ᠳᠤ ᠬᠠᠭ᠋ᠠᠳᠠᠭ ᠪᠠᠶᠢᠯ᠎ᠠ᠃ ᠤᠳᠤ ᠬᠠᠷᠢᠨ ᠴᠡᠪᠡᠷ ᠲᠤᠩᠭᠠᠯᠠᠭ ᠠᠭᠠᠷ ᠠᠮᠢᠰᠬᠤᠯᠯᠠᠵᠦ᠂ ᠪᠡᠶ᠎ᠠ ᠪᠠᠨ | ᠪᠤᠯᠪᠠᠰᠤᠷᠠᠭᠤᠯᠬᠤ ᠳᠤ ᠲᠠᠭᠠᠲᠠᠢ ᠪᠤᠯᠪᠠ︾ ᠭᠡᠵᠤ ᠪᠠᠶᠠᠷᠳᠠᠢ ᠭᠡᠯᠡᠨ᠎ᠠ᠃ | ᠦᠯᠡᠳᠡᠭᠰᠡᠨ 12 ᠵᠤᠷᠪᠤᠰ ᠠᠰᠠᠭᠤᠳᠠᠯ ᠢ ᠮᠠᠨ ᠤ ᠠᠶᠢᠮᠠᠭ ᠡᠨᠡ ᠵᠢᠯ ᠳᠤ 3 ᠶᠢ ᠴᠡᠭᠴᠡᠯᠡᠨ ᠰᠠᠶᠢᠵᠢᠷᠠᠭᠤᠯᠵᠤ | ᠂ 2020 ᠤᠨ ᠤ ᠡᠴᠦᠰ ᠪᠤᠯᠬᠤ ᠠᠴᠠ ᠡᠮᠦᠨ᠎ᠡ ᠪᠦᠬᠦᠨ ᠢ ᠴᠡᠭᠴᠡᠯᠨᠨ ᠲᠠᠭᠤᠰᠬᠠᠨ᠎ᠠ᠃ |