6 ᠰᠠᠷ᠎ᠠ ᠶᠢᠨ 7 ᠤ ᠡᠳᠦᠷ᠂ ᠠᠶᠢᠮᠠᠭ ᠤᠨ ᠶᠠᠳᠠᠭᠤ ᠶᠢ ᠲᠡᠳᠬᠦᠨ ᠨᠡᠭᠡᠭᠡᠨ ᠬᠦᠭᠵᠢᠬᠦᠯᠬᠦ ᠤᠳᠤᠷᠢᠳᠬᠤ | ᠲᠤᠭᠤᠢᠢᠯᠠᠩ 2018 ᠤᠨ ᠤ ᠠᠩᠬᠠᠳᠤᠭᠠᠷ ᠤᠳᠠᠭᠠᠨ ᠤ ᠪᠦᠬᠦᠲᠡ ᠬᠤᠷᠠᠯ ᠢ ᠬᠤᠷᠠᠯᠳᠤᠭᠤᠯᠵᠤ᠂ ᠦᠪᠡᠷᠲᠡᠭᠡᠨ | ᠵᠠᠰᠠᠬᠤ ᠤᠷᠤᠨ ᠤ ᠶᠠᠳᠠᠭᠤ ᠶᠢ ᠲᠡᠳᠬᠦᠨ ᠨᠡᠭᠡᠭᠡᠨ ᠬᠦᠭᠵᠢᠬᠦᠯᠬᠦ ᠤᠳᠤᠷᠢᠳᠬᠤ ᠲᠤᠭᠤᠢᠢᠯᠠᠩ ᠤᠨ 2018 ᠤᠨ ᠤ | ᠠᠩᠬᠠᠳᠤᠭᠠᠷ ᠤᠳᠠᠭ᠎ᠠ ᠪᠠ ᠬᠤᠶᠠᠳᠤᠭᠠᠷ ᠤᠳᠠᠭᠠᠨ ᠤ ᠪᠦᠬᠦᠲᠡ ᠬᠤᠷᠠᠯ ᠤᠨ ᠵᠤᠷᠢᠭ ᠰᠠᠨᠠᠭ᠎ᠠ᠂ ᠯᠢ ᠵᠢᠢ ᠾᠧᠩ | ᠱᠦᠵᠢ ᠶᠢᠨ ᠲᠦᠩᠯᠢᠶᠤᠤ ᠬᠤᠳᠠ ᠳᠤ ᠪᠠᠶᠢᠴᠠᠭᠠᠨ ᠰᠤᠳᠤᠯᠤᠯᠳᠠ ᠬᠢᠬᠦ ᠦᠶ᠎ᠠ ᠶᠢᠨ ᠴᠢᠬᠤᠯᠠ ᠶᠠᠷᠢᠶᠠᠨ ᠤ ᠵᠤᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠰᠢᠯᠢ ᠶᠢᠨ ᠭᠤᠤᠯ ᠠᠶᠢᠮᠠᠭ ᠤᠨ 2018 — 2020 ᠤᠨ ᠤ | ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠰᠠᠶᠢᠳᠤᠷ ᠬᠢᠬᠦ ᠭᠤᠷᠪᠠᠨ ᠵᠢᠯ ᠤᠨ ᠠᠵᠢᠯᠯᠠᠭ᠎ᠠ ᠶᠢᠨ | ᠲᠦᠰᠦᠪ︾ ᠢ ᠰᠤᠳᠤᠯᠤᠨ ᠶᠠᠷᠢᠯᠴᠠᠵᠤ᠂ ᠠᠶᠢᠮᠠᠭ ᠤᠨ ᠲᠠᠰ ᠤᠨ ᠤᠳᠤᠷᠢᠳᠬᠤ ᠺᠠᠳ᠋ᠷ ᠶᠠᠳᠠᠭᠤ ᠬᠦᠴᠢᠷᠲᠡᠯᠲᠡᠢ | ᠬᠤᠰᠢᠭᠤ ᠰᠢᠶᠠᠨ ᠲᠠᠢ ᠬᠠᠷᠢᠯᠴᠠᠭᠰᠠᠨ᠂ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ | ᠬᠢᠨᠠᠨ ᠵᠢᠯᠤᠭᠤᠳᠬᠤ ᠲᠤᠭᠤᠢᠢᠯᠠᠩ ᠤᠨ ᠠᠵᠢᠯ ᠤᠨ ᠬᠠᠷᠢᠭᠤ ᠮᠡᠳᠡᠬᠦᠯᠦᠯᠲᠡ ᠶᠢ ᠰᠤᠨᠤᠰᠴᠤ᠂ ᠲᠠᠷᠠᠭᠠᠴᠢ ᠶᠢᠨ | ᠱᠠᠳᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠠᠶᠢᠷᠢᠯᠠᠭᠤᠯᠵᠠᠢ᠃ | ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ | ᠨᠢᠭᠡᠨᠲᠡ ᠵᠠᠩᠬᠢᠯᠠᠭ᠎ᠠ ᠶᠢᠨ ᠴᠠᠭ ᠮᠦᠴᠡ ᠳᠤ ᠬᠦᠷᠴᠤ᠂ ᠡᠷᠭᠡᠪᠰᠢ ᠤᠯᠤᠰ ᠲᠦᠷᠦ ᠶᠢᠨ ᠵᠤᠭᠰᠤᠴᠠ ᠪᠠᠨ | ᠲᠡᠭᠡᠭᠰᠢᠯᠡᠬᠦᠯᠵᠤ᠂ ︽ᠲᠦᠷᠪᠡᠨ ᠤᠬᠠᠮᠰᠠᠷ︾ ᠢᠶᠠᠨ ᠪᠠᠳᠤᠳᠬᠠᠵᠤ᠂ ᠰᠢ ᠶᠢᠨ ᠫᠢᠩ ᠤᠨ ᠶᠠᠳᠠᠭᠤ ᠶᠢ ᠲᠡᠳᠬᠦᠬᠦ | ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠨᠠᠮ ᠤᠨ ᠲᠦᠪ ᠬᠤᠷᠢᠶ᠎ᠠ ᠪᠠ ᠦᠪᠡᠷᠲᠡᠭᠡᠨ ᠵᠠᠰᠠᠬᠤ ᠤᠷᠤᠨ ᠤ | ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠨᠢᠨ ᠲᠡᠭᠡᠷ᠎ᠠ ᠨᠢ ᠠᠷᠭ᠎ᠠ | ᠪᠤᠳᠤᠯᠭ᠎ᠠ ᠭᠡᠷᠡᠭᠯᠡᠵᠤ᠂ ᠪᠤᠳᠠᠳᠤ ᠦᠷ᠎ᠠ ᠪᠦᠲᠦᠮᠵᠢ ᠤᠯᠬᠤ ᠭᠡᠷᠡᠭᠲᠡᠢ᠃ ᠰᠢᠯᠭᠠᠨ ᠦᠨᠡᠯᠡᠬᠦ ᠬᠠᠷᠢᠭᠤᠴᠠᠯᠭ᠎ᠠ | ᠨᠡᠭᠡᠮᠵᠢᠯᠡᠬᠦ ᠶᠢ ᠴᠢᠩᠭᠠᠳᠬᠠᠵᠤ᠂ ᠡᠯ᠎ᠡ ᠱᠠᠳᠤᠨ ᠤ ᠺᠠᠳ᠋ᠷ ᠤᠨ ᠬᠠᠷᠢᠭᠤᠴᠠᠯᠭ᠎ᠠ ᠪᠠᠨ ᠡᠬᠦᠷᠭᠡᠯᠡᠬᠦ ᠶᠢ ᠠᠬᠢᠭᠤᠯᠵᠤ᠂ | ᠶᠠᠳᠠᠭᠤ ᠠᠴᠠ ᠠᠩᠬᠢᠵᠢᠷᠠᠭᠤᠯᠬᠤ ᠦᠷ᠎ᠠ ᠪᠦᠲᠦᠮᠵᠢ ᠦᠨᠡᠨᠬᠦ ᠤᠯᠠᠨ ᠲᠦᠮᠡᠨ ᠤ ᠦᠨᠡᠯᠡᠯᠲᠡ ᠪᠠ ᠦᠢᠯᠡᠳᠦᠯᠭᠡ ᠶᠢᠨ | ᠰᠢᠯᠭᠠᠯᠳᠠ ᠶᠢ ᠲᠠᠭᠠᠭᠠᠬᠤ ᠭᠡᠷᠡᠭᠲᠡᠢ᠃ ᠪᠤᠭᠤᠮᠳᠠ ᠰᠢᠪᠳᠤᠯᠬᠤ ᠬᠠᠮᠳᠤᠷᠠᠯ ᠤᠨ ᠬᠦᠴᠦ ᠶᠢ ᠴᠢᠩᠭᠠᠳᠬᠠᠵᠤ᠂ | ᠨᠠᠮ ᠤᠨ ᠬᠤᠷᠢᠶ᠎ᠠ᠂ ᠵᠠᠰᠠᠭ ᠤᠨ ᠤᠷᠳᠤᠨ᠂ ᠨᠠᠶᠢᠭᠡᠮ ᠤᠨ ᠵᠤᠬᠢᠶᠠᠨ ᠪᠠᠶᠢᠭᠤᠯᠤᠯᠲᠠ ᠪᠠ ᠤᠯᠠᠨ ᠨᠡᠶᠢᠲᠡ ᠶᠢᠨ | ᠲᠠᠪᠠᠭᠤᠯᠢᠭ ᠢ ᠬᠦᠢᠴᠡᠳ ᠪᠠᠳᠠᠷᠠᠭᠤᠯᠬᠤ ᠭᠡᠷᠡᠭᠳᠡᠢ ᠭᠡᠪᠡ᠃ | ᠾᠦᠸᠧ ᠵᠤᠤ ᠯᠢᠶᠠᠩ ᠱᠠᠭᠠᠷᠳᠠᠬᠤ ᠳᠠᠭᠠᠨ᠂ ᠶᠠᠳᠠᠭᠤ ᠬᠦᠴᠢᠷᠲᠡᠯᠲᠡᠢ ᠤᠯᠠᠨ ᠲᠦᠮᠡᠨ ᠢ ᠤᠬᠠᠭᠤᠯᠤᠨ | ᠲᠠᠶᠢᠴᠢᠯᠠᠬᠤ ᠠᠵᠢᠯ ᠢ ᠰᠠᠶᠢᠳᠤᠷ ᠬᠢᠵᠤ᠂ ᠶᠠᠳᠠᠭᠤ ᠬᠦᠴᠢᠷᠲᠡᠯᠲᠡᠢ ᠬᠦᠮᠦᠨ ᠠᠮᠠ ᠶᠢᠨ ᠲᠤᠳᠤᠭᠠᠳᠤ ᠬᠦᠳᠡᠯᠭᠡᠭᠴᠢ | ᠬᠦᠴᠦᠨ ᠢ ᠬᠦᠭᠵᠢᠭᠡᠬᠦ ᠭᠡᠷᠡᠭᠲᠡᠢ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ | ᠲᠦᠷᠦᠯ ᠢᠶᠠᠷ ᠠᠬᠢᠭᠤᠯᠬᠤ 17 ᠲᠤᠭᠤᠢᠢᠯᠠᠩ ᠤᠨ ᠭᠤᠷᠪᠠᠨ ᠵᠢᠯ ᠤᠨ ᠠᠵᠢᠯᠯᠠᠭ᠎ᠠ ᠶᠢᠨ ᠲᠦᠰᠦᠪ ᠢ ᠲᠦᠷᠭᠡᠨ | ᠲᠤᠭᠳᠠᠭᠠᠵᠤ᠂ ᠶᠠᠳᠠᠭᠤ ᠶᠢ ᠲᠡᠳᠬᠦᠬᠦ ᠲᠦᠷᠦᠯ ᠵᠦᠢᠯ ᠤᠨ ᠬᠦᠮᠦᠷᠭᠡ ᠶᠢᠨ ᠪᠠᠶᠢᠭᠤᠯᠤᠯᠲᠠ ᠶᠢ ᠠᠳᠬᠤᠵᠤ᠂ ᠠᠵᠤ | ᠦᠢᠯᠡᠰ ᠢᠶᠠᠷ ᠶᠠᠳᠠᠭᠤ ᠶᠢ ᠲᠡᠳᠬᠦᠬᠦ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠠᠵᠤ ᠦᠢᠯᠡᠰ ᠢᠶᠠᠨ ᠤᠨᠤᠪᠴᠢᠲᠠᠢ | ᠰᠤᠩᠭᠤᠵᠤ᠂ ᠠᠵᠤ ᠠᠬᠤᠢᠢᠯᠠᠯ ᠢᠶᠠᠨ ᠰᠠᠶᠢᠳᠤᠷ ᠰᠤᠩᠭᠤᠵᠤ᠂ ᠶᠠᠳᠠᠭᠤ ᠬᠦᠴᠢᠷᠲᠡᠯᠲᠡᠢ ᠤᠯᠠᠨ ᠲᠦᠮᠡᠨ ᠤ | ᠤᠷᠤᠯᠭ᠎ᠠ ᠶᠢ ᠲᠤᠭᠳᠠᠭᠤᠨ ᠢᠶᠠᠷ ᠨᠡᠮᠡᠭᠲᠡᠬᠦᠯᠬᠦ ᠭᠡᠷᠡᠭᠲᠡᠢ ᠭᠡᠪᠡ᠃ |