ᠮᠠᠨ ᠤ ᠠᠶᠢᠮᠠᠭ ᠵᠧᠵᠢᠶᠠᠩ ᠮᠤᠵᠢ ᠶᠢᠨ ᠲᠠᠩ ᠷᠦᠢ ᠺᠤᠮᠫᠠᠨᠢ ᠪᠠ ᠨᠢᠩᠰᠢᠶᠠ ᠶᠢᠨ ᠬᠠᠩ ᠰᠢᠶᠤᠤ ᠺᠤᠮᠫᠠᠨᠢ ᠲᠠᠢ ᠬᠠᠮᠳᠤᠷᠠᠯᠴᠠᠭᠠᠨ ᠤ ᠵᠦᠪᠳᠡᠯᠴᠡᠭᠡᠷ ᠲᠤᠭᠳᠠᠪᠠ ᠯᠦᠸᠧ ᠬᠤ᠋ ᠽᠠᠢ ᠾᠦᠸᠧ ᠵᠤᠤ ᠯᠢᠶᠠᠩ ᠨᠠᠷ ᠤᠷᠤᠯᠴᠠᠪᠠ
ᠨᠡᠶᠢᠲᠡᠯᠡᠭᠰᠡᠨ ᠴᠠᠭ᠄
2018/6/12
    6 ᠰᠠᠷ᠎ᠠ ᠶᠢᠨ 8᠎ ᠤ ᠡᠳᠦᠷ᠂ ᠠᠶᠢᠮᠠᠭ ᠤᠨ ᠵᠠᠬᠢᠷᠭ᠎ᠠ᠂ ᠲᠠᠶᠢᠹᠦᠰᠧ ᠬᠤᠰᠢᠭᠤᠨ ᠤ ᠵᠠᠰᠠᠭ ᠤᠨ ᠤᠷᠳᠤᠨ ᠲᠤᠰᠪᠤᠷᠢ ᠵᠧᠵᠢᠶᠠᠩ ᠮᠤᠵᠢ ᠶᠢᠨ ᠲᠠᠩ ᠷᠦᠢ ᠪᠤᠳᠠᠳᠤ ᠦᠢᠯᠡᠰ ᠤᠨ ᠺᠤᠮᠫᠠᠨᠢ᠂ ᠨᠢᠩᠰᠢᠶᠠ ᠶᠢᠨ ᠬᠠᠩ ᠰᠢᠶᠤᠤ ᠪᠤᠳᠠᠳᠤ ᠦᠢᠯᠡᠰ ᠤᠨ ᠺᠤᠮᠫᠠᠨᠢ ᠲᠠᠢ ᠬᠠᠮᠳᠤᠷᠠᠯᠴᠠᠭᠠᠨ ᠤ ᠵᠦᠪᠳᠡᠯᠴᠡᠭᠡᠷ ᠲᠤᠭᠳᠠᠵᠤ᠂ ᠬᠠᠮᠢᠶ᠎ᠠ ᠪᠦᠬᠦᠢ ᠵᠦᠢᠯᠡᠰ ᠤᠨ ᠲᠤᠬᠠᠢ ᠶᠠᠷᠢᠯᠴᠠᠬᠤ ᠬᠤᠷᠠᠯ ᠬᠢᠵᠠᠢ᠃         ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠲᠠᠷᠤᠭ᠎ᠠ ᠾᠦᠸᠧ ᠵᠤᠤ ᠯᠢᠶᠠᠩ᠂ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠨᠠᠷᠢᠨ ᠪᠢᠴᠢᠭ ᠤᠨ ᠲᠠᠷᠤᠭ᠎ᠠ ᠸᠠᠩ ᠷᠦᠢ᠂ ᠠᠶᠢᠮᠠᠭ ᠤᠨ ᠳᠡᠳ᠋ ᠲᠠᠷᠤᠭ᠎ᠠ ᠮᠧᠩ ᠵᠤᠤ ᠵᠢᠶᠦ᠋ᠨ᠂ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ᠂ ᠲᠠᠶᠢᠹᠦᠰᠧ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠤᠷᠤᠬᠦᠤ ᠵᠦᠪᠳᠡᠯᠴᠡᠭᠡᠷ ᠲᠤᠭᠳᠠᠬᠤ ᠶᠤᠰᠤᠯᠠᠯ ᠳᠤ ᠤᠷᠤᠯᠴᠠᠪᠠ᠃ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠠᠶᠢᠮᠠᠭ ᠤᠨ ᠪᠠᠶᠢᠩᠭᠤ ᠶᠢᠨ ᠳᠡᠳ᠋ ᠲᠠᠷᠤᠭ᠎ᠠ ᠵᠤᠤ ᠳ᠋ᠧ ᠶᠦᠩ ᠭᠡᠷ᠎ᠠ ᠲᠤᠭᠳᠠᠬᠤ ᠶᠤᠰᠤᠯᠠᠯ ᠢ ᠡᠷᠬᠢᠯᠡᠪᠡ᠃         ᠶᠠᠷᠢᠯᠴᠠᠬᠤ ᠬᠤᠷᠠᠯ ᠲᠡᠭᠡᠷ᠎ᠡ ᠠᠵᠤ ᠠᠬᠤᠢᠢᠯᠠᠯ ᠤᠨ ᠬᠠᠷᠢᠭᠤᠴᠠᠯᠭᠠᠳᠠᠨ ᠢᠯᠡᠷᠭᠡᠶᠢᠯᠡᠬᠦ ᠳᠡᠭᠡᠨ᠂ ᠦᠪᠡᠷ ᠤᠨ ᠲᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠰᠢᠯᠢ ᠶᠢᠨ ᠭᠤᠤᠯ ᠠᠶᠢᠮᠠᠭ ᠲᠠᠢ ᠪᠦᠬᠦ ᠲᠠᠯ᠎ᠠ ᠪᠠᠷ ᠬᠠᠮᠳᠤᠷᠠᠯᠴᠠᠭ᠎ᠠ ᠬᠢᠬᠦ ᠪᠠᠨ ᠴᠢᠩᠭᠠᠳᠬᠠᠵᠤ᠂ ᠲᠤᠬᠠᠢ ᠶᠢᠨ ᠭᠠᠵᠠᠷ ᠤᠨ ᠠᠵᠤ ᠠᠬᠤᠢ ᠶᠢᠨ ᠬᠦᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠬᠦᠯᠦᠨ᠎ᠡ ᠭᠡᠪᠡ᠃         ᠯᠦᠸᠧ ᠬᠤ᠋ ᠽᠠᠢ ᠵᠢᠭᠠᠬᠤ ᠳᠠᠭᠠᠨ᠂ ᠲᠤᠰ ᠬᠤᠶᠠᠷ ᠠᠵᠤ ᠠᠬᠤᠢᠢᠯᠠᠯ ᠤᠨ ᠭᠡᠪᠴᠢᠶ᠎ᠠ᠂ ᠲᠤᠨᠤᠭ ᠲᠦᠬᠦᠭᠡᠷᠦᠮᠵᠢ᠂ ᠦᠢᠯᠡᠳᠪᠤᠷᠢᠯᠡᠯ ᠤᠨ ᠮᠡᠷᠭᠡᠵᠢᠯ ᠴᠦᠮ ᠠᠵᠢᠯ ᠲᠦᠷᠦᠯ ᠤᠨ ᠲᠡᠷᠢᠬᠦᠨ ᠳᠤ ᠪᠠᠶᠢᠷᠢᠯᠡᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠦᠪᠰᠢᠨ ᠦᠨᠳᠤᠷ ᠪᠠᠶᠢᠵᠤ᠂ ᠰᠢᠯᠢ ᠶᠢᠨ ᠭᠤᠤᠯ ᠠᠶᠢᠮᠠᠭ ᠤᠨ ᠲᠤᠨᠤᠭ ᠦᠢᠯᠡᠳᠭᠡᠯ ᠤᠨ ᠦᠢᠯᠡᠰ ᠤᠨ ᠬᠦᠭᠵᠢᠯᠲᠡ ᠶᠢᠨ ᠰᠢᠨ᠎ᠠ ᠬᠠᠭᠤᠳᠠᠰᠤ ᠶᠢ ᠪᠢᠴᠢᠭᠯᠡᠬᠦ᠂ ᠠᠵᠤ ᠦᠢᠯᠡᠰ ᠤᠨ ᠭᠡᠯᠬᠢᠶᠠᠵᠢᠯ ᠢ ᠤᠷᠳᠤᠳᠬᠠᠬᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠤᠭᠳᠠᠯ ᠲᠠᠢ ᠭᠡᠪᠠ᠃         ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠠᠶᠢᠮᠠᠭ ᠬᠤᠰᠢᠭᠤ ᠬᠤᠶᠠᠷ ᠱᠠᠳᠤ ᠲᠦᠷᠦᠯ ᠵᠦᠢᠯ ᠤᠨ ᠪᠠᠶᠢᠭᠤᠯᠤᠯᠳᠠ ᠪᠠ ᠬᠦᠭᠵᠢᠯᠳᠡ ᠶᠢ ᠲᠡᠭᠡᠲᠦ ᠭᠡᠮᠵᠢᠶ᠎ᠠ ᠪᠠᠷ ᠴᠢᠬᠤᠯᠠᠴᠢᠯᠠᠵᠤ᠂ ᠠᠵᠤ ᠦᠢᠯᠡᠰ ᠤᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠯᠳᠠ᠂ ᠰᠠᠭᠤᠷᠢ ᠲᠦᠬᠦᠭᠡᠷᠤᠮᠵᠢ ᠶᠢ ᠢᠵᠢ ᠪᠦᠷᠢᠳᠦᠬᠦᠯᠬᠦ ᠵᠡᠷᠭᠡ ᠲᠠᠯ᠎ᠠ ᠪᠠᠷ ᠬᠦᠢᠴᠡᠳ ᠪᠠᠳᠤᠯᠠᠭ᠎ᠠ ᠬᠠᠩᠭᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠤᠷᠴᠢᠨ ᠡᠬᠦᠳᠴᠤ ᠦᠭᠬᠦ ᠭᠡᠷᠡᠭᠲᠡᠢ ᠭᠡᠪᠡ᠃         ᠦᠢᠯᠠᠭᠠᠬᠰᠠᠨ ᠢᠶᠠᠷ᠂ ᠵᠧᠵᠢᠶᠠᠩ ᠮᠤᠵᠢ ᠶᠢᠨ ᠲᠠᠩ ᠷᠦᠢ ᠪᠤᠳᠠᠳᠤ ᠦᠢᠯᠡᠰ ᠤᠨ ᠺᠤᠮᠫᠠᠨᠢ᠂ ᠨᠢᠩᠰᠢᠶᠠ ᠶᠢᠨ ᠬᠠᠩ ᠰᠢᠶᠤᠤ ᠪᠤᠳᠠᠳᠤ ᠦᠢᠯᠡᠰ ᠤᠨ ᠺᠤᠮᠫᠠᠨᠢ ᠲᠠᠶᠢᠹᠦᠰᠧ ᠬᠤᠰᠢᠭᠤᠨ ᠳᠤ ᠲᠤᠰᠪᠤᠷᠢ ᠵᠤᠬᠢᠶᠠᠮᠠᠯ ᠠᠯᠮᠠᠰ ᠴᠢᠯᠠᠭᠤ ᠪᠠ ᠲᠡᠷᠭᠡᠨ ᠤ ᠬᠤᠯᠬᠤᠪᠴᠢ ᠦᠢᠯᠡᠳᠪᠤᠷᠢᠯᠡᠬᠦ ᠲᠦᠷᠦᠯ ᠵᠦᠢᠯ ᠢ ᠪᠠᠶᠢᠭᠤᠯᠬᠤ ᠪᠠᠷ ᠲᠦᠯᠦᠪᠯᠡᠵᠤ᠂ ᠨᠡᠶᠢᠲᠡ 33.2 ᠳ᠋ᠦᠩᠰᠢᠭᠤᠷ ᠲᠦᠬᠦᠷᠢᠭ ᠪᠡᠯᠡ ᠤᠷᠤᠭᠤᠯᠵᠤ᠂ ᠠᠰᠢᠬᠯᠠᠯᠳᠡ ᠳᠤ ᠤᠷᠤᠬᠰᠠᠨ ᠤ ᠲᠠᠷᠠᠭ᠎ᠠ ᠦᠢᠯᠡᠳᠬᠦᠨ ᠤ ᠦᠷᠲᠡᠭ 19.7 ᠳ᠋ᠦᠡᠭᠰᠢᠭᠤᠷ ᠲᠦᠬᠦᠷᠢᠭ᠂ ᠠᠰᠢᠭ ᠭᠠᠶᠢᠯᠢ 5.5 ᠳ᠋ᠦᠩᠰᠢᠭᠤᠷ ᠲᠦᠬᠦᠷᠢᠭ ᠬᠦᠷᠴᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠬᠦᠯᠬᠦ᠂ ᠰᠢᠨ᠎ᠠ ᠬᠠᠭᠤᠴᠢᠨ ᠬᠦᠳᠡᠯᠭᠡᠬᠦ ᠡᠨᠧᠷᠬᠢ ᠶᠢᠨ ᠰᠤᠯᠢᠭᠳᠠᠯ ᠢ ᠲᠦᠷᠭᠡᠳᠭᠡᠬᠦ ᠳᠤ ᠴᠢᠬᠤᠯᠠ ᠤᠢᠢᠯᠠᠳᠤᠯ ᠦᠵᠡᠬᠦᠯᠦᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号