ᠯᠦᠸᠧ ᠬᠤ᠋ ᠽᠠᠢ ᠰᠦᠨᠢᠳ ᠪᠠᠷᠠᠭᠤᠨ ᠬᠤᠰᠢᠭᠤᠨ ᠳᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2018/6/12
    6 ᠰᠠᠷ᠎ᠠ ᠶᠢᠨ 5᠎ ᠠᠴᠠ 6᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠰᠦᠨᠢᠳ ᠪᠠᠷᠠᠭᠤᠨ ᠬᠤᠰᠢᠭᠤᠨ ᠳᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠵᠤ᠂ ᠰᠦᠨᠢᠳ ᠪᠠᠷᠠᠭᠤᠨ ᠬᠤᠰᠢᠭᠤ ᠪᠦᠬᠦ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠭᠤᠤᠯ ᠲᠠᠯᠠᠪᠤᠷ ᠤᠨ ᠨᠢᠭᠡ ᠪᠤᠯᠤᠭᠰᠠᠨ ᠤ ᠬᠤᠪᠢ ᠳᠤ ᠡᠨᠡ ᠵᠢᠯ ᠤᠨ ᠶᠠᠳᠠᠭᠤ ᠠᠴᠠ ᠠᠩᠬᠢᠵᠢᠷᠠᠭᠤᠯᠬᠤ ᠡᠬᠦᠷᠭᠡ ᠬᠦᠨᠳᠤ ᠶᠤᠮ᠂ ᠪᠦᠬᠦ ᠬᠤᠰᠢᠭᠤ ᠲᠠᠶᠠᠭᠠᠷ ᠦᠵᠡᠯ ᠰᠠᠨᠠᠭ᠎ᠠ ᠲᠠᠨᠢᠯᠳᠠ ᠪᠠ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠤ᠂ ᠤᠨᠢᠨ ᠲᠡᠭᠡᠷ᠎ᠠ ᠨᠢ ᠠᠷᠭ᠎ᠠ ᠪᠤᠳᠤᠯᠭ᠎ᠠ ᠭᠡᠷᠡᠭᠵᠢᠬᠦᠯᠵᠤ᠂ ᠪᠤᠭᠤᠮᠳᠠ ᠰᠢᠪᠳᠤᠯᠬᠤ ᠬᠠᠮᠳᠤᠷᠠᠯ ᠤᠨ ᠬᠦᠴᠦᠨ ᠢᠶᠠᠨ ᠴᠢᠩᠭᠠᠳᠬᠠᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠠ ᠡᠬᠦᠷᠭᠡ ᠶᠢ ᠴᠢᠨᠠᠷ ᠰᠠᠶᠢᠳᠠᠢ ᠪᠠᠶᠡᠯᠡᠬᠦᠯᠬᠦ ᠭᠡᠷᠡᠭᠲᠡᠢ ᠭᠡᠵᠤ ᠴᠢᠬᠤᠯᠠᠴᠢᠯᠠᠵᠠᠢ᠃         ᠯᠦᠸᠧ ᠬᠤ᠋ ᠽᠠᠢ ᠤᠷᠢᠳ ᠬᠤᠵᠢᠳ ᠰᠦᠨᠢᠳ ᠪᠠᠷᠠᠭᠤᠨ ᠬᠤᠰᠢᠭᠤᠨ ᠤ ᠠᠴᠠᠳᠤᠠᠠᠭᠤᠯᠠ ᠰᠤᠮᠤ ᠶᠢᠨ ᠬᠦᠭᠡᠪᠦᠷ ᠭᠠᠴᠠᠭ᠎ᠠ᠂ ᠰᠠᠶᠢᠬᠠᠬᠤᠢᠯᠵᠡᠢ ᠰᠤᠮᠦ ᠶᠢᠨ ᠨᠤᠭᠤᠭᠠᠨᠲᠠᠯ᠎ᠠ ᠭᠠᠴᠠᠭ᠎ᠠ᠂ ᠵᠢᠷᠦᠭᠡ ᠪᠠᠯᠭᠠᠰᠤᠨ ᠤ ᠢᠤᠢ ᠱᠦ ᠼᠦᠨ ᠲᠤᠰᠬᠤᠨ ᠵᠡᠷᠭᠡ ᠭᠠᠵᠠᠷ ᠬᠦᠷᠴᠤ ᠰᠤᠭᠤᠴᠢᠨ ᠪᠠᠶᠢᠴᠠᠭᠠᠬᠤ ᠭᠡᠯᠪᠡᠷᠢ ᠪᠠᠷ ᠲᠤᠬᠠᠢ ᠶᠢᠨ ᠭᠠᠵᠠᠷ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠪᠠᠶᠢᠳᠠᠯ ᠢ ᠦᠢᠯᠠᠭᠠᠵᠤ᠂ ᠭᠠᠴᠠᠭ᠎ᠠ ᠲᠤᠰᠬᠤᠨ ᠳᠤ ᠰᠠᠭᠤᠭ᠎ᠠ ᠠᠵᠢᠯᠯᠠᠬᠤ ᠲᠤᠭᠤᠢᠢᠯᠠᠩ ᠤᠨ ᠠᠵᠢᠯ ᠤᠨ ᠪᠠᠶᠢᠳᠠᠯ ᠢ ᠰᠤᠭᠤᠴᠢᠨ ᠪᠠᠶᠢᠴᠠᠭᠠᠵᠠᠢ᠃         ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠡᠯ᠎ᠠ ᠭᠠᠵᠠᠷ ᠤᠨ ᠬᠢᠨ ᠤᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠶᠢ ᠨᠠᠷᠢᠯᠢᠭ ᠭᠡᠷᠡᠭᠵᠢᠬᠦᠯᠵᠦ᠂ ᠺᠠᠳ᠋ᠷᠴᠤᠳ ᠦᠵᠡᠯᠳᠡ ᠲᠠᠨᠢᠯᠲᠠ ᠪᠠᠨ ᠲᠡᠭᠡᠭᠰᠢᠯᠡᠬᠦᠯᠵᠦ᠂ ᠡᠬᠦᠷᠭᠡ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠬᠤ ᠭᠡᠷᠡᠭᠲᠡᠢ᠃ ᠭᠠᠴᠠᠭ᠎ᠠ ᠲᠤᠰᠬᠤᠨ ᠳᠤ ᠰᠠᠭᠤᠭ᠎ᠠ ᠺᠠᠳ᠋ᠷ ᠪᠠ ᠨᠢᠬᠡᠳᠦᠭᠡᠷ ᠱᠦᠵᠢ ᠦᠨᠳᠦᠰᠦᠨ ᠪᠠᠶᠢᠳᠠᠯ ᠢ ᠰᠠᠶᠢᠲᠤᠷ ᠤᠢᠢᠯᠠᠭᠠᠵᠦ᠂ ᠠᠰᠠᠭᠤᠳᠠᠯ ᠢ ᠰᠢᠢᠳᠪᠦᠷᠢᠯᠡᠵᠦ᠂ ᠡᠯ᠎ᠠ ᠵᠦᠢᠯ ᠤᠨ ᠠᠵᠢᠯ ᠢ ᠯᠠᠪᠳᠠᠭᠤᠨ ᠠᠬᠢᠭᠤᠯᠬᠤ ᠭᠡᠷᠡᠭᠲᠡᠢ᠃ ᠠᠵᠦ ᠤᠢᠢᠯᠡᠰ ᠢᠶᠠᠷ ᠶᠠᠳᠠᠭᠤ ᠶᠢ ᠳᠡᠳᠬᠦᠬᠦ ᠶᠢ ᠰᠠᠶᠢᠲᠤᠷ ᠠᠳᠬᠤᠵᠦ᠂ ᠲᠤᠬᠠᠢ ᠶᠢᠨ ᠭᠠᠵᠠᠷ ᠤᠨ ᠡᠬᠢ ᠪᠠᠶᠠᠯᠢᠭ ᠲᠤ ᠰᠠᠭᠤᠷᠢᠯᠠᠨ ᠲᠠᠪᠠᠭᠤᠯᠢᠭ ᠢ ᠪᠠᠳᠠᠷᠠᠭᠤᠯᠵᠦ᠂ ᠶᠠᠳᠠᠭᠤ ᠶᠢ ᠳᠡᠳᠬᠦᠬᠦ ᠪᠡ ᠤᠶᠤᠨ ᠢ ᠳᠡᠳᠬᠦᠬᠦ ᠶᠢ ᠬᠠᠷᠢᠯᠴᠠᠨ ᠤᠶᠠᠯᠳᠤᠭᠤᠯᠵᠦ᠂ ᠶᠠᠳᠠᠭᠤ ᠬᠦᠴᠢᠷᠳᠡᠯᠲᠠᠢ ᠤᠯᠠᠨ ᠲᠦᠮᠡᠨ ᠤ ᠲᠤᠲᠤᠭᠠᠲᠤ ᠭᠦᠳᠡᠯᠬᠡᠬᠦ ᠬᠦᠴᠦᠨ ᠢ ᠬᠦᠭᠵᠢᠬᠡᠬᠦ ᠬᠡᠷᠡᠭᠲᠡᠢ᠃ ᠶᠠᠳᠠᠭᠤ ᠶᠢ ᠳᠡᠳᠬᠦᠬᠦ ᠬᠦᠷᠢᠶᠡᠨ ᠳᠠᠬᠢ ᠢᠯᠵᠡᠷᠡᠯ ᠪᠠ ᠰᠤᠷᠳᠠᠯ ᠤᠨ ᠠᠰᠠᠭᠤᠳᠠᠯ ᠢ ᠰᠠᠶᠢᠲᠤᠷ ᠴᠡᠭᠴᠡᠯᠡᠨ᠂ ᠲᠤᠪᠤᠶᠢᠮ᠎ᠠ ᠠᠰᠠᠭᠤᠳᠠᠯ ᠢ ᠢᠯᠡᠷᠡᠬᠦᠯᠦᠨ ᠰᠢᠢᠳᠪᠦᠷᠢᠯᠡᠵᠦ᠂ ᠬᠠᠷᠢᠭᠤᠴᠠᠯᠭ᠎ᠠ ᠲᠠᠢ᠂ ᠦᠷ᠎ᠡ ᠪᠦᠲᠦᠮᠵᠢ ᠭᠠᠷᠭᠠᠵᠦ ᠴᠢᠳᠠᠭᠰᠠᠨ ᠺᠠᠳ᠋ᠷ ᠢ ᠲᠡᠪᠰᠢᠬᠦᠯᠦᠨ ᠭᠡᠷᠡᠭᠯᠡᠵᠦ᠂ ᠬᠠᠷᠢᠭᠤᠴᠠᠯᠭ᠎ᠠ ᠠᠯᠳᠠᠭᠰᠠᠨ ᠺᠠᠳ᠋ᠷ ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ ᠭᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号