ᠮᠠᠨ ᠤ ᠠᠶᠢᠮᠠᠭ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠬᠠᠷᠢᠭᠤ ᠲᠤᠰᠬᠠᠬᠰᠠᠨ ᠰᠠᠨᠠᠯ ᠢ ᠢᠳᠡᠪᠬᠢᠲᠠᠢ ᠨᠠᠶᠢᠳᠠᠪᠤᠷᠢᠵᠢᠭᠤᠯᠵᠦ 18 ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2018/6/12
    ᠡᠨᠡ ᠵᠢᠯ᠂ ᠮᠠᠨ ᠤ ᠠᠶᠢᠮᠠᠭ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠬᠠᠷᠢᠭᠤ ᠲᠤᠰᠬᠠᠬᠰᠠᠨ ᠰᠠᠨᠠᠯ ᠢ ᠦᠷᠬᠦᠯᠵᠢᠯᠡᠨ ᠢᠳᠡᠪᠬᠢᠲᠠᠢ ᠨᠠᠶᠢᠳᠠᠪᠤᠷᠢᠵᠢᠭᠤᠯᠵᠦ᠂ ᠵᠢᠯ ᠤᠨ ᠡᠴᠦᠰ ᠠᠴᠠ ᠡᠮᠦᠨ᠎ᠡ 3 ᠵᠤᠷᠪᠤᠰ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠠᠵᠢᠯ ᠤᠨ ᠡᠷᠴᠢᠮ ᠢᠶᠠᠨ ᠴᠢᠩᠭᠠᠳᠬᠠᠵᠤ ᠪᠠᠶᠢᠨ᠎ᠡ᠃         ᠤᠢᠢᠯᠠᠭᠠᠭᠰᠠᠨ ᠢᠶᠠᠷ᠂ 2017 ᠤᠨ ᠳᠤ ᠮᠠᠨ ᠤ ᠠᠶᠢᠮᠠᠭ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠬᠰᠠᠨ ᠰᠠᠨᠠᠯ ᠪᠠ ᠵᠠᠰᠠᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠤᠰᠤᠭᠠᠷ᠂ ︽ᠰᠢᠯᠢ ᠶᠢᠨ ᠭᠤᠤᠯ ᠠᠶᠢᠮᠠᠭ ᠤᠨ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠬᠠᠷᠢᠭᠤ ᠲᠤᠰᠬᠠᠬᠰᠠᠨ ᠰᠠᠨᠠᠯ ᠢ ᠵᠠᠰᠠᠨ ᠰᠠᠶᠢᠵᠢᠷᠠᠭᠤᠯᠬᠤ ᠲᠦᠰᠦᠯ︾ ᠢ ᠲᠤᠭᠳᠠᠭᠠᠵᠦ᠂ ᠤᠷᠴᠢᠨ ᠲᠤᠭᠤᠷᠢᠨ ᠤ ᠬᠠᠮᠠᠭᠠᠯᠠᠯᠲᠠ᠂ ᠠᠵᠦ ᠦᠢᠯᠡᠰ ᠤᠨ ᠪᠠᠶᠢᠷᠢᠰᠢᠭᠤᠯᠤᠯᠲᠠ ᠪᠠ ᠪᠤᠬᠢᠷᠳᠤᠯ ᠢ ᠰᠡᠷᠭᠡᠶᠢᠯᠡᠨ ᠵᠠᠰᠠᠬᠤ ᠵᠡᠷᠭᠡ 3 ᠲᠠᠯ᠎ᠠ ᠪᠠᠷ ᠤᠷᠤᠰᠢᠵᠦ ᠪᠠᠶᠢᠭ᠎ᠠ 18 ᠵᠤᠷᠪᠤᠰ ᠠᠰᠠᠭᠤᠳᠠᠯ ᠢ ᠢᠯᠡᠷᠡᠭᠦᠯᠵᠦ᠂ ᠡᠬᠦᠨ ᠳᠤ ᠴᠠᠭ ᠲᠤᠬᠠᠢ ᠳᠤᠨᠢ ᠵᠠᠰᠠᠨ ᠰᠠᠶᠢᠵᠢᠷᠠᠭᠤᠯᠬᠤ ᠠᠰᠠᠭᠤᠳᠠᠯ 4᠂ ᠲᠤᠭᠳᠠᠭᠰᠠᠨ ᠬᠤᠭᠤᠴᠠᠭᠠᠨ ᠳᠤ ᠵᠠᠰᠠᠨ ᠰᠠᠶᠢᠵᠢᠷᠠᠭᠤᠯᠬᠤ ᠠᠰᠠᠭᠤᠳᠠᠯ 7᠂ ᠵᠠᠰᠠᠨ ᠰᠠᠶᠢᠵᠢᠷᠠᠭᠤᠯᠬᠤ ᠶᠢ ᠤᠷᠲᠤ ᠬᠤᠭᠤᠴᠠᠭ᠎ᠠ ᠪᠠᠷ ᠪᠠᠷᠢᠮᠳᠠᠯᠠᠬᠤ 7 ᠵᠤᠷᠪᠤᠰ ᠪᠤᠢ᠃         ᠮᠠᠨ ᠤ ᠠᠶᠢᠮᠠᠭ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢ ᠪᠦᠬᠦ ᠲᠠᠯ᠎ᠠ ᠪᠡ ᠪᠠᠶᠢᠯᠳᠤᠬᠤ ᠪᠤᠳᠤᠯᠭ᠎ᠠ ᠶᠢᠨ ᠪᠠᠶᠢᠷᠢᠨ ᠳᠤ ᠲᠠᠯᠪᠢᠵᠦ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠵᠠᠰᠠᠨ ᠰᠠᠶᠢᠵᠢᠷᠠᠭᠤᠯᠬᠤ ᠠᠵᠢᠯ ᠤᠨ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠦ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠦ᠂ ᠠᠰᠠᠭᠤᠳᠠᠯ ᠢ ᠵᠠᠰᠠᠨ ᠰᠠᠶᠢᠵᠢᠷᠠᠭᠤᠯᠬᠤ ᠶᠢ ᠴᠢᠩᠭ᠎ᠠ ᠠᠳᠬᠤᠵᠦ ᠬᠦᠨᠵᠡᠬᠡᠶᠢᠷᠡᠬᠦᠯᠦᠨ ᠠᠬᠢᠭᠤᠯᠪᠠ᠃         2017 ᠤᠨ ᠳᠤ᠂ 18 ᠠᠰᠠᠭᠤᠳᠠᠯ ᠤᠨ 6 ᠶᠢ ᠨᠢ ᠨᠢᠬᠡᠨᠳᠡ ᠵᠠᠰᠠᠨ ᠰᠠᠶᠢᠵᠢᠷᠠᠭᠤᠯᠵᠦ᠂ ᠡᠬᠦᠨ ᠳᠤ 4 ᠠᠰᠠᠭᠤᠳᠠᠯ ᠢ ᠴᠠᠭ ᠲᠤᠬᠠᠢ ᠳᠤᠨᠢ ᠵᠠᠰᠠᠨ ᠰᠠᠶᠢᠵᠢᠷᠠᠭᠤᠯᠵᠦ᠂ ︽ᠳᠤᠰᠤ ᠨᠡᠮᠡᠬᠦ ᠦᠷᠳᠡᠬᠡᠨ ᠤ ᠴᠢᠶᠢᠦ ᠳᠤᠰᠤ ᠶᠢᠨ ᠪᠤᠬᠢᠷᠳᠤᠯ ᠢ ᠵᠠᠰᠠᠬᠤ︾ ᠪᠠ ︽ᠵᠢᠵᠢᠭ ᠬᠡᠯᠪᠡᠷᠢ ᠶᠢᠨ ᠨᠡᠬᠦᠷᠡᠰᠦ ᠰᠢᠳᠠᠭᠠᠬᠤ ᠵᠤᠤᠬ᠎ᠠ ᠶᠢ ᠵᠤᠭᠰᠤᠭᠠᠬᠤ︾ ᠵᠡᠷᠭᠡ 2 ᠠᠰᠠᠭᠤᠳᠠᠯ ᠢ ᠲᠤᠭᠳᠠᠭᠰᠠᠨ ᠬᠤᠭᠤᠴᠠᠭᠠᠨ ᠳᠤ ᠵᠠᠰᠠᠨ ᠰᠠᠶᠢᠵᠢᠷᠠᠭᠤᠯᠵᠦ ᠲᠠᠭᠤᠰᠬᠠᠪᠠ᠃         ᠨᠢᠳᠤᠨᠤᠨ ᠦᠪᠦᠷ ᠮᠤᠩᠭᠤᠯ ᠤᠨ ᠵᠢᠢ ᠲᠦᠩ ᠲᠠᠮᠦᠷ ᠵᠠᠮ ᠤᠨ ᠺᠤᠮᠫᠠᠨᠢ ᠶᠢᠨ ᠠᠷᠦ ᠲᠠᠯ᠎ᠠ ᠶᠢᠨ ᠬᠠᠮᠢᠶᠠᠷᠤᠯᠳᠠ ᠶᠢᠨ ᠭᠠᠵᠠᠷ ᠤᠨ 4 ᠨᠡᠬᠦᠷᠡᠰᠤ ᠰᠢᠳᠠᠭᠠᠬᠤ ᠵᠤᠤᠬ᠎ᠠ ᠶᠢ ᠵᠤᠭᠰᠤᠭᠠᠪᠠ᠃ ᠡᠨᠡ 4 ᠵᠤᠤᠬ᠎ᠠ ᠨᠢ 10 ᠲᠦᠮᠡ ᠭᠠᠷᠤᠢ ᠬᠠᠪᠳᠠᠭᠠᠢ ᠲᠦᠷᠪᠡᠯᠵᠢᠨ ᠮᠧᠳ᠋ᠷ ᠲᠠᠯᠠᠪᠠᠢ ᠳᠤ ᠲᠤᠯᠠᠭᠠᠯᠠᠭ᠎ᠠ ᠬᠠᠩᠭᠠᠵᠤ᠂ ᠡᠬᠦᠨ ᠳᠤ ᠵᠦᠪᠭᠡᠨ ᠵᠢᠢ ᠲᠦᠩ ᠯᠢ ᠳ᠋ᠦ᠋ ᠰᠠᠭᠤᠭᠠᠯᠢ ᠠᠷᠠᠳ ᠤᠨ ᠲᠤᠭᠤᠷᠢᠭ ᠨᠢᠭᠡ ᠵᠢᠯ ᠳᠡᠭᠡᠨ ᠪᠠᠷᠤᠭ 4000 ᠲᠤᠨ ᠨᠡᠬᠦᠷᠡᠰᠤ ᠰᠢᠳᠠᠭᠠᠳᠠᠭ᠂ ᠤᠳᠤ ᠪᠦᠬᠦᠨ ᠢ ᠰᠢᠯᠢ ᠶᠢᠨ ᠬᠤᠳᠠ ᠶᠢᠨ ᠲᠦᠪᠯᠡᠷᠡᠩᠬᠦᠢ ᠲᠤᠯᠠᠭᠠᠯᠠᠭ᠎ᠠ ᠶᠢᠨ ᠲᠤᠤᠷ ᠲᠤ ᠨᠢᠭᠡᠳᠭᠡᠪᠡ ᠃ ᠲᠤᠰ ᠰᠠᠭᠤᠭᠠᠯᠢ ᠠᠷᠠᠳ ᠤᠨ ᠲᠤᠭᠤᠷᠢᠭ ᠤᠨ ᠵᠠᠩ ᠠᠪᠠᠭ᠋ᠠᠢ᠄ ︽ᠦᠩᠬᠡᠷᠡᠭᠰᠡᠨ ᠳᠤ ᠮᠠᠨ ᠤ ᠭᠡᠷ ᠤᠨ ᠡᠮᠦᠨ᠎ᠡ ᠲᠠᠷᠢᠭᠰᠠᠨ ᠨᠤᠭᠤᠭ᠎ᠠ ᠤᠳᠤᠭ᠎ᠠ ᠲᠤᠭᠤᠰᠤᠨ ᠳᠤ ᠲᠠᠷᠤᠭᠳᠠᠭᠠᠳ ᠢᠳᠡᠬᠦ ᠶᠢᠨ ᠠᠷᠭ᠎ᠠ ᠦᠭᠡᠢ ᠪᠠᠶᠢᠳᠠᠬ᠂ ᠤᠬᠢᠶ᠋ᠬᠠᠰᠠᠨ ᠬᠤᠪᠴᠠᠰᠤ ᠪᠠᠨ ᠬᠠᠳᠠᠭᠠᠬᠤ ᠠᠷᠭ᠎ᠠ ᠦᠬᠡᠢ᠂ ᠦᠷᠯᠦᠭᠡ ᠡᠷᠲᠡ ᠪᠡᠶ᠎ᠠ ᠪᠠᠨ ᠪᠤᠯᠪᠠᠰᠤᠷᠠᠭᠤᠯᠬᠤ ᠳᠤ ᠤᠳᠤᠭᠠᠨ ᠳᠤ ᠬᠠᠭ᠋ᠠᠳᠠᠭ ᠪᠠᠶᠢᠯ᠎ᠠ᠃ ᠤᠳᠤ ᠬᠠᠷᠢᠨ ᠴᠡᠪᠡᠷ ᠲᠤᠩᠭᠠᠯᠠᠭ ᠠᠭᠠᠷ ᠠᠮᠢᠰᠬᠤᠯᠯᠠᠵᠦ᠂ ᠪᠡᠶ᠎ᠠ ᠪᠠᠨ ᠪᠤᠯᠪᠠᠰᠤᠷᠠᠭᠤᠯᠬᠤ ᠳᠤ ᠲᠠᠭᠠᠲᠠᠢ ᠪᠤᠯᠪᠠ︾ ᠭᠡᠵᠤ ᠪᠠᠶᠠᠷᠳᠠᠢ ᠭᠡᠯᠡᠨ᠎ᠠ᠃         ᠦᠯᠡᠳᠡᠭᠰᠡᠨ 12 ᠵᠤᠷᠪᠤᠰ ᠠᠰᠠᠭᠤᠳᠠᠯ ᠢ ᠮᠠᠨ ᠤ ᠠᠶᠢᠮᠠᠭ ᠡᠨᠡ ᠵᠢᠯ ᠳᠤ 3 ᠶᠢ ᠴᠡᠭᠴᠡᠯᠡᠨ ᠰᠠᠶᠢᠵᠢᠷᠠᠭᠤᠯᠵᠤ ᠂ 2020 ᠤᠨ ᠤ ᠡᠴᠦᠰ ᠪᠤᠯᠬᠤ ᠠᠴᠠ ᠡᠮᠦᠨ᠎ᠡ ᠪᠦᠬᠦᠨ ᠢ ᠴᠡᠭᠴᠡᠯᠨᠨ ᠲᠠᠭᠤᠰᠬᠠᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号