ᠠᠶᠢᠮᠠᠭ ᠤᠨ ᠶᠠᠳᠠᠭᠤ ᠶᠢ ᠲᠡᠳᠬᠦᠨ ᠨᠡᠭᠡᠭᠡᠨ ᠬᠦᠭᠵᠢᠬᠦᠯᠬᠦ ᠤᠳᠤᠷᠢᠳᠬᠤ ᠲᠤᠭᠤᠢᠢᠯᠠᠩ 2018 ᠤᠨ ᠤ ᠠᠩᠬᠠᠳᠤᠭᠠᠷ ᠤᠳᠠᠭᠠᠨ ᠤ ᠪᠦᠬᠦᠲᠡ ᠬᠤᠷᠠᠯ ᠬᠤᠷᠠᠯᠳᠤᠭᠤᠯᠪᠠ ᠯᠦᠸᠧ ᠬᠤ᠋ ᠽᠠᠢ ᠬᠤᠷᠠᠯ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ ᠾᠦᠸᠧ ᠵᠤᠤ ᠯᠢᠶᠠᠩ ᠠᠵᠢᠯ ᠪᠠᠶᠢᠷᠢᠯᠠᠭᠤᠯᠵᠠᠢ ᠡᠦ ᠬᠦᠸᠧ ᠳ᠋ᠦᠩ ᠨᠠᠷ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2018/6/12
    6 ᠰᠠᠷ᠎ᠠ ᠶᠢᠨ 7 ᠤ ᠡᠳᠦᠷ᠂ ᠠᠶᠢᠮᠠᠭ ᠤᠨ ᠶᠠᠳᠠᠭᠤ ᠶᠢ ᠲᠡᠳᠬᠦᠨ ᠨᠡᠭᠡᠭᠡᠨ ᠬᠦᠭᠵᠢᠬᠦᠯᠬᠦ ᠤᠳᠤᠷᠢᠳᠬᠤ ᠲᠤᠭᠤᠢᠢᠯᠠᠩ 2018 ᠤᠨ ᠤ ᠠᠩᠬᠠᠳᠤᠭᠠᠷ ᠤᠳᠠᠭᠠᠨ ᠤ ᠪᠦᠬᠦᠲᠡ ᠬᠤᠷᠠᠯ ᠢ ᠬᠤᠷᠠᠯᠳᠤᠭᠤᠯᠵᠤ᠂ ᠦᠪᠡᠷᠲᠡᠭᠡᠨ ᠵᠠᠰᠠᠬᠤ ᠤᠷᠤᠨ ᠤ ᠶᠠᠳᠠᠭᠤ ᠶᠢ ᠲᠡᠳᠬᠦᠨ ᠨᠡᠭᠡᠭᠡᠨ ᠬᠦᠭᠵᠢᠬᠦᠯᠬᠦ ᠤᠳᠤᠷᠢᠳᠬᠤ ᠲᠤᠭᠤᠢᠢᠯᠠᠩ ᠤᠨ 2018 ᠤᠨ ᠤ ᠠᠩᠬᠠᠳᠤᠭᠠᠷ ᠤᠳᠠᠭ᠎ᠠ ᠪᠠ ᠬᠤᠶᠠᠳᠤᠭᠠᠷ ᠤᠳᠠᠭᠠᠨ ᠤ ᠪᠦᠬᠦᠲᠡ ᠬᠤᠷᠠᠯ ᠤᠨ ᠵᠤᠷᠢᠭ ᠰᠠᠨᠠᠭ᠎ᠠ᠂ ᠯᠢ ᠵᠢᠢ ᠾᠧᠩ ᠱᠦᠵᠢ ᠶᠢᠨ ᠲᠦᠩᠯᠢᠶᠤᠤ ᠬᠤᠳᠠ ᠳᠤ ᠪᠠᠶᠢᠴᠠᠭᠠᠨ ᠰᠤᠳᠤᠯᠤᠯᠳᠠ ᠬᠢᠬᠦ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠰᠢᠯᠢ ᠶᠢᠨ ᠭᠤᠤᠯ ᠠᠶᠢᠮᠠᠭ ᠤᠨ 2018 — 2020 ᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠰᠠᠶᠢᠳᠤᠷ ᠬᠢᠬᠦ ᠭᠤᠷᠪᠠᠨ ᠵᠢᠯ ᠤᠨ ᠠᠵᠢᠯᠯᠠᠭ᠎ᠠ ᠶᠢᠨ ᠲᠦᠰᠦᠪ︾ ᠢ ᠰᠤᠳᠤᠯᠤᠨ ᠶᠠᠷᠢᠯᠴᠠᠵᠤ᠂ ᠠᠶᠢᠮᠠᠭ ᠤᠨ ᠲᠠᠰ ᠤᠨ ᠤᠳᠤᠷᠢᠳᠬᠤ ᠺᠠᠳ᠋ᠷ ᠶᠠᠳᠠᠭᠤ ᠬᠦᠴᠢᠷᠲᠡᠯᠲᠡᠢ ᠬᠤᠰᠢᠭᠤ ᠰᠢᠶᠠᠨ ᠲᠠᠢ ᠬᠠᠷᠢᠯᠴᠠᠭᠰᠠᠨ᠂ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ ᠬᠢᠨᠠᠨ ᠵᠢᠯᠤᠭᠤᠳᠬᠤ ᠲᠤᠭᠤᠢᠢᠯᠠᠩ ᠤᠨ ᠠᠵᠢᠯ ᠤᠨ ᠬᠠᠷᠢᠭᠤ ᠮᠡᠳᠡᠬᠦᠯᠦᠯᠲᠡ ᠶᠢ ᠰᠤᠨᠤᠰᠴᠤ᠂ ᠲᠠᠷᠠᠭᠠᠴᠢ ᠶᠢᠨ ᠱᠠᠳᠤᠨ ᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠪᠠᠶᠢᠷᠢᠯᠠᠭᠤᠯᠵᠠᠢ᠃         ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠨᠢᠭᠡᠨᠲᠡ ᠵᠠᠩᠬᠢᠯᠠᠭ᠎ᠠ ᠶᠢᠨ ᠴᠠᠭ ᠮᠦᠴᠡ ᠳᠤ ᠬᠦᠷᠴᠤ᠂ ᠡᠷᠭᠡᠪᠰᠢ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠤ᠂ ︽ᠲᠦᠷᠪᠡᠨ ᠤᠬᠠᠮᠰᠠᠷ︾ ᠢᠶᠠᠨ ᠪᠠᠳᠤᠳᠬᠠᠵᠤ᠂ ᠰᠢ ᠶᠢᠨ ᠫᠢᠩ ᠤᠨ ᠶᠠᠳᠠᠭᠤ ᠶᠢ ᠲᠡᠳᠬᠦᠬᠦ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠨᠠᠮ ᠤᠨ ᠲᠦᠪ ᠬᠤᠷᠢᠶ᠎ᠠ ᠪᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠤᠨᠢᠨ ᠲᠡᠭᠡᠷ᠎ᠠ ᠨᠢ ᠠᠷᠭ᠎ᠠ ᠪᠤᠳᠤᠯᠭ᠎ᠠ ᠭᠡᠷᠡᠭᠯᠡᠵᠤ᠂ ᠪᠤᠳᠠᠳᠤ ᠦᠷ᠎ᠠ ᠪᠦᠲᠦᠮᠵᠢ ᠤᠯᠬᠤ ᠭᠡᠷᠡᠭᠲᠡᠢ᠃ ᠰᠢᠯᠭᠠᠨ ᠦᠨᠡᠯᠡᠬᠦ ᠬᠠᠷᠢᠭᠤᠴᠠᠯᠭ᠎ᠠ ᠨᠡᠭᠡᠮᠵᠢᠯᠡᠬᠦ ᠶᠢ ᠴᠢᠩᠭᠠᠳᠬᠠᠵᠤ᠂ ᠡᠯ᠎ᠡ ᠱᠠᠳᠤᠨ ᠤ ᠺᠠᠳ᠋ᠷ ᠤᠨ ᠬᠠᠷᠢᠭᠤᠴᠠᠯᠭ᠎ᠠ ᠪᠠᠨ ᠡᠬᠦᠷᠭᠡᠯᠡᠬᠦ ᠶᠢ ᠠᠬᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠦᠷ᠎ᠠ ᠪᠦᠲᠦᠮᠵᠢ ᠦᠨᠡᠨᠬᠦ ᠤᠯᠠᠨ ᠲᠦᠮᠡᠨ ᠤ ᠦᠨᠡᠯᠡᠯᠲᠡ ᠪᠠ ᠦᠢᠯᠡᠳᠦᠯᠭᠡ ᠶᠢᠨ ᠰᠢᠯᠭᠠᠯᠳᠠ ᠶᠢ ᠲᠠᠭᠠᠭᠠᠬᠤ ᠭᠡᠷᠡᠭᠲᠡᠢ᠃ ᠪᠤᠭᠤᠮᠳᠠ ᠰᠢᠪᠳᠤᠯᠬᠤ ᠬᠠᠮᠳᠤᠷᠠᠯ ᠤᠨ ᠬᠦᠴᠦ ᠶᠢ ᠴᠢᠩᠭᠠᠳᠬᠠᠵᠤ᠂ ᠨᠠᠮ ᠤᠨ ᠬᠤᠷᠢᠶ᠎ᠠ᠂ ᠵᠠᠰᠠᠭ ᠤᠨ ᠤᠷᠳᠤᠨ᠂ ᠨᠠᠶᠢᠭᠡᠮ ᠤᠨ ᠵᠤᠬᠢᠶᠠᠨ ᠪᠠᠶᠢᠭᠤᠯᠤᠯᠲᠠ ᠪᠠ ᠤᠯᠠᠨ ᠨᠡᠶᠢᠲᠡ ᠶᠢᠨ ᠲᠠᠪᠠᠭᠤᠯᠢᠭ ᠢ ᠬᠦᠢᠴᠡᠳ ᠪᠠᠳᠠᠷᠠᠭᠤᠯᠬᠤ ᠭᠡᠷᠡᠭᠳᠡᠢ ᠭᠡᠪᠡ᠃         ᠾᠦᠸᠧ ᠵᠤᠤ ᠯᠢᠶᠠᠩ ᠱᠠᠭᠠᠷᠳᠠᠬᠤ ᠳᠠᠭᠠᠨ᠂ ᠶᠠᠳᠠᠭᠤ ᠬᠦᠴᠢᠷᠲᠡᠯᠲᠡᠢ ᠤᠯᠠᠨ ᠲᠦᠮᠡᠨ ᠢ ᠤᠬᠠᠭᠤᠯᠤᠨ ᠲᠠᠶᠢᠴᠢᠯᠠᠬᠤ ᠠᠵᠢᠯ ᠢ ᠰᠠᠶᠢᠳᠤᠷ ᠬᠢᠵᠤ᠂ ᠶᠠᠳᠠᠭᠤ ᠬᠦᠴᠢᠷᠲᠡᠯᠲᠡᠢ ᠬᠦᠮᠦᠨ ᠠᠮᠠ ᠶᠢᠨ ᠲᠤᠳᠤᠭᠠᠳᠤ ᠬᠦᠳᠡᠯᠭᠡᠭᠴᠢ ᠬᠦᠴᠦᠨ ᠢ ᠬᠦᠭᠵᠢᠭᠡᠬᠦ ᠭᠡᠷᠡᠭᠲᠡᠢ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠤᠰᠬᠠᠢ ᠲᠦᠷᠦᠯ ᠢᠶᠠᠷ ᠠᠬᠢᠭᠤᠯᠬᠤ 17 ᠲᠤᠭᠤᠢᠢᠯᠠᠩ ᠤᠨ ᠭᠤᠷᠪᠠᠨ ᠵᠢᠯ ᠤᠨ ᠠᠵᠢᠯᠯᠠᠭ᠎ᠠ ᠶᠢᠨ ᠲᠦᠰᠦᠪ ᠢ ᠲᠦᠷᠭᠡᠨ ᠲᠤᠭᠳᠠᠭᠠᠵᠤ᠂ ᠶᠠᠳᠠᠭᠤ ᠶᠢ ᠲᠡᠳᠬᠦᠬᠦ ᠲᠦᠷᠦᠯ ᠵᠦᠢᠯ ᠤᠨ ᠬᠦᠮᠦᠷᠭᠡ ᠶᠢᠨ ᠪᠠᠶᠢᠭᠤᠯᠤᠯᠲᠠ ᠶᠢ ᠠᠳᠬᠤᠵᠤ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠲᠤᠪᠤᠶᠢᠮ᠎ᠠ ᠪᠠᠶᠢᠷᠢᠨ ᠳᠤ ᠲᠠᠯᠪᠢᠵᠤ᠂ ᠠᠵᠤ ᠦᠢᠯᠡᠰ ᠢᠶᠠᠨ ᠤᠨᠤᠪᠴᠢᠲᠠᠢ ᠰᠤᠩᠭᠤᠵᠤ᠂ ᠠᠵᠤ ᠠᠬᠤᠢᠢᠯᠠᠯ ᠢᠶᠠᠨ ᠰᠠᠶᠢᠳᠤᠷ ᠰᠤᠩᠭᠤᠵᠤ᠂ ᠶᠠᠳᠠᠭᠤ ᠬᠦᠴᠢᠷᠲᠡᠯᠲᠡᠢ ᠤᠯᠠᠨ ᠲᠦᠮᠡᠨ ᠤ ᠤᠷᠤᠯᠭ᠎ᠠ ᠶᠢ ᠲᠤᠭᠳᠠᠭᠤᠨ ᠢᠶᠠᠷ ᠨᠡᠮᠡᠭᠲᠡᠬᠦᠯᠬᠦ ᠭᠡᠷᠡᠭᠲᠡᠢ ᠭᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号