ᠪᠦᠬᠦ ᠤᠷᠤᠨ ᠤ ᠠᠩᠬᠠᠳᠤᠭᠠᠷ ᠬᠤᠭᠤᠴᠠᠭᠠᠨ ᠤ ᠮᠤᠩᠭᠤᠯ ᠦᠨᠳᠤᠰᠤᠲᠡᠨ ᠤ ᠬᠤᠪᠴᠠᠰᠤ ᠡᠮᠤᠰᠭᠡᠯ ᠪᠠ ᠮᠠᠯᠠᠭᠠᠢ ᠶᠢᠨ ᠵᠠᠰᠠᠯ ᠵᠢᠷᠤᠵᠤ ᠲᠦᠯᠦᠪᠯᠡᠬᠦ ᠤᠷᠤᠯᠳᠤᠭᠠᠨ ᠠᠩᠬᠠᠨ ᠤ ᠰᠢᠯᠭᠠᠷᠠᠭᠤᠯᠤᠯᠳᠡ ᠶᠢᠨ ᠪᠦᠳᠦᠭᠡᠯ ᠡᠯᠰᠡᠵᠦ ᠡᠬᠢᠯᠡᠪᠡ
ᠨᠡᠶᠢᠲᠡᠯᠡᠭᠰᠡᠨ ᠴᠠᠭ᠄
2018-06-12
    ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ᠂ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ᠂ ᠦᠪᠡᠷᠳᠡᠬᠡᠨ ᠵᠠᠰᠠᠬᠤ ᠤᠷᠤᠨ ᠤ ᠵᠤᠭᠠᠴᠠᠯ ᠤᠨ ᠬᠦᠭᠵᠢᠬᠦᠯᠤᠯᠳᠠ ᠶᠢᠨ ᠵᠦᠪᠯᠠᠯ ᠠᠴᠠ ᠭᠤᠤᠯᠯᠠᠨ ᠡᠷᠬᠢᠯᠡᠵᠤ᠂ ᠦᠪᠤᠷ ᠮᠤᠩᠭᠤᠯ ᠤᠨ ᠡᠳᠤᠷ ᠤᠨ ᠰᠤᠨᠢᠨ ᠤ ᠬᠤᠷᠢᠶ᠎ᠠ᠂ ᠦᠪᠤᠷ ᠮᠤᠩᠭᠤᠯ ᠤᠨ ᠰᠤᠶᠤᠯ ᠤᠨ ᠠᠵᠦ ᠤᠢᠢᠯᠡᠰ ᠤᠨ ᠬᠦᠭᠵᠢᠬᠦᠯᠤᠯᠳᠠ ᠶᠢ ᠠᠬᠢᠭᠤᠯᠬᠤ ᠨᠡᠶᠢᠭᠡᠮᠯᠢᠭ᠂ ᠦᠪᠤᠷ ᠮᠤᠩᠭᠤᠯ ᠤᠨ ᠦᠨᠳᠤᠰᠤᠳᠡᠨ ᠤ ᠬᠤᠪᠴᠡᠰᠦ ᠵᠠᠰᠠᠯ ᠤᠨ ᠨᠡᠶᠢᠭᠡᠮᠯᠢᠭ ᠲᠠᠭᠠᠭᠠᠴᠢᠯᠠᠨ ᠡᠷᠬᠢᠯᠡᠭᠰᠡᠨ ︽ᠰᠢᠨ᠎ᠠ ᠴᠠᠭ ᠦᠶ᠎ᠠ ᠰᠢᠨ᠎ᠠ ᠤᠷᠤᠰᠬᠠᠯ ᠰᠢᠨ᠎ᠠ ᠠᠮᠢᠳᠤᠷᠠᠯ︾ ᠭᠡᠬᠦ ᠭᠤᠤᠯ ᠰᠡᠳᠤᠪᠳᠦ ᠪᠦᠬᠦ ᠤᠷᠤᠨ ᠤ ᠠᠩᠬᠠᠳᠤᠭᠠᠷ ᠬᠤᠭᠤᠴᠠᠭᠠᠨ ᠤ ᠮᠤᠩᠭᠤᠯ ᠦᠨᠳᠤᠰᠤᠲᠡᠨ ᠤ ᠬᠤᠪᠴᠠᠰᠤ ᠡᠮᠤᠰᠭᠡᠯ ᠪᠠ ᠮᠠᠯᠠᠭᠠᠢ ᠶᠢᠨ ᠵᠠᠰᠠᠯ ᠵᠢᠷᠤᠵᠤ ᠲᠦᠯᠦᠪᠯᠡᠬᠦ ᠤᠷᠤᠯᠳᠤᠭᠠᠨ 6 ᠰᠠᠷ᠎ᠠ ᠶᠢᠨ 1 ᠤ ᠡᠳᠤᠷ ᠠᠴᠠ ᠪᠦᠳᠦᠭᠡᠯ ᠡᠯᠰᠡᠬᠦ ᠠᠵᠢᠯᠯᠠᠭ᠎ᠠ ᠪᠠᠨ ᠡᠬᠢᠯᠡᠭᠦᠯᠪᠡ᠃         ᠦᠨᠳᠤᠰᠤᠳᠡᠨ ᠤ ᠰᠢᠯᠢᠳᠡᠭ ᠤᠯᠠᠮᠵᠢᠯᠠᠯᠳᠦ ᠰᠤᠶᠤᠯ ᠢ ᠬᠠᠮᠠᠭᠠᠯᠠᠨ ᠤᠯᠠᠮᠵᠢᠯᠠᠵᠤ᠂ ᠮᠤᠩᠭᠤᠯ ᠦᠨᠳᠤᠰᠤᠳᠡᠨ ᠤ ᠰᠤᠶᠤᠯ ᠤᠨ ᠬᠠᠮᠤᠭ ᠤᠨ ᠢᠯᠡ ᠲᠤᠳᠦ ᠡᠯᠧᠮᠧᠨ᠋ᠲ ᠪᠤᠯᠬᠤ ᠬᠤᠪᠴᠡᠰᠦ ᠡᠮᠦᠰᠭᠡᠯ ᠢ ᠲᠤᠪᠤᠶᠢᠮ᠎ᠠ ᠢᠯᠡᠷᠡᠬᠦᠯᠵᠦ᠂ ᠮᠤᠩᠭᠤᠯ ᠬᠤᠪᠴᠡᠰᠦ ᠵᠠᠰᠠᠯ ᠢ ᠵᠢᠷᠤᠵᠤ ᠲᠦᠯᠦᠪᠯᠡᠬᠦ᠂ ᠤᠶᠤᠵᠦ ᠤᠢᠢᠯᠡᠳᠪᠦᠷᠢᠯᠡᠬᠦ ᠪᠠ ᠡᠳ᠋ᠯᠡᠵᠦ ᠬᠡᠷᠡᠭᠯᠡᠬᠦ ᠳᠤ ᠬᠦᠳᠤᠯᠤᠮᠵᠢ ᠬᠠᠩᠭᠠᠬᠤ ᠪᠠᠷ ᠲᠠᠮᠵᠢᠭᠤᠯᠤᠨ᠂ ᠮᠤᠩᠭᠤᠯ ᠬᠤᠪᠴᠡᠰᠦ ᠵᠠᠰᠠᠯ ᠢᠶᠠᠷ ᠭᠤᠶᠤᠯᠠᠬᠤ ᠵᠢᠴᠢ ᠲᠠᠶᠠᠭᠠᠷᠴᠢᠯᠠᠯᠳᠠ ᠶᠢ ᠴᠢᠨᠠᠬᠰᠢᠳᠠ ᠲᠦᠯᠬᠢᠨ ᠠᠬᠢᠭᠤᠯᠵᠦ᠂ ᠡᠭᠡ ᠤᠯᠤᠰ ᠤᠨ ᠤᠮᠠᠷᠡᠳᠦ ᠬᠢᠯᠢ ᠶᠢᠨ ᠦᠵᠡᠰᠬᠦᠯᠡᠩᠳᠦ ᠰᠠᠶᠢᠬᠠᠨ ᠦᠵᠠᠮᠵᠢ ᠶᠢᠨ ᠤᠷᠤᠨ ᠢ ᠴᠤᠬᠴᠠᠯᠠᠨ᠂ ᠦᠨᠳᠤᠰᠤᠳᠡᠨ ᠤ ᠰᠤᠶᠤᠯ ᠤᠨ ᠬᠦᠴᠦᠷᠭᠡᠭ ᠤᠷᠤᠨ ᠢ ᠪᠠᠶᠢᠭᠤᠯᠵᠦ᠂ ᠦᠵᠡᠰᠬᠦᠯᠡᠩᠳᠦ ᠰᠠᠶᠢᠬᠠᠨ ᠦᠪᠤᠷ ᠮᠤᠩᠭᠤᠯ ᠢᠶᠠᠨ ᠪᠦᠳᠦᠭᠡᠨ ᠪᠠᠶᠢᠭᠤᠯᠵᠦ᠂ ᠠᠭᠤᠤ ᠶᠡᠭᠡ ᠲᠤᠮᠳᠡᠳᠦ ᠶᠢᠨ ᠵᠡᠬᠦᠳᠦ ᠪᠠᠨ ᠬᠠᠮᠳᠤᠪᠡᠷ ᠲᠡᠷᠭᠡᠯᠰᠢᠬᠦᠯᠬᠦ ᠳᠤ ᠬᠤᠪᠢ ᠨᠠᠮᠠᠷᠢ ᠨᠡᠮᠡᠷᠢᠯᠡᠬᠦ ᠪᠠᠷ ᠵᠤᠷᠢᠯᠳᠡ ᠪᠤᠯᠭᠠᠬᠰᠠᠨ ᠡᠨᠡᠬᠦ ᠠᠵᠢᠯᠯᠠᠭ᠎ᠠ ᠨᠢ 6 ᠰᠠᠷ᠎ᠠ ᠶᠢᠨ 1 ᠤ ᠡᠳᠤᠷ ᠠᠴᠠ 8 ᠰᠠᠷ᠎ᠠ ᠶᠢᠨ 5 ᠤ ᠡᠳᠤᠷ ᠪᠤᠯᠳᠠᠯ᠎ᠠ ᠶᠠᠪᠤᠬᠳᠠᠬᠤ ᠪᠤᠯᠤᠨ᠎ᠠ᠃         ᠲᠤᠰ ᠤᠷᠤᠯᠳᠤᠭᠠᠨ ᠳᠤ ᠤᠷᠤᠯᠴᠠᠬᠤ ᠪᠦᠲᠦᠭᠡᠯ ᠢ ᠰᠢᠨ᠎ᠠ ᠤᠷᠤᠰᠬᠠᠯ ᠤᠨ ᠬᠤᠪᠴᠠᠰᠤ᠂ ᠬᠤᠷᠢᠮ ᠤᠨ ᠬᠤᠪᠴᠠᠰᠤ᠂ ᠲᠤᠬᠠᠢᠢᠯᠠᠭᠰᠠᠨ ᠠᠵᠢᠯ ᠤᠨ ᠬᠤᠪᠴᠠᠰᠤ᠂ ᠶᠤᠰᠤᠯᠠᠯ ᠤᠨ ᠬᠤᠪᠴᠠᠰᠤ᠂ ᠲᠠᠮᠢᠷ ᠤᠨ ᠬᠤᠪᠴᠠᠰᠤ ᠪᠠ ᠮᠤᠩᠭᠤᠯ ᠦᠨᠳᠤᠰᠤᠲᠡᠨ ᠤ ᠡᠷᠡᠭᠲᠡᠢ ᠶᠢᠨ ᠮᠠᠯᠠᠭᠠᠢ ᠶᠢᠨ ᠵᠠᠰᠠᠯ ᠵᠡᠷᠭᠡ ᠲᠦᠷᠦᠯ ᠬᠤᠪᠢᠶᠠᠵᠤ᠂ ᠪᠦᠲᠦᠭᠡᠯ ᠨᠢ ᠡᠷᠭᠡᠪᠰᠢ ᠮᠤᠩᠭᠤᠯ ᠰᠤᠶᠤᠯ ᠤᠨ ᠡᠯᠧᠮᠧᠨ᠋ᠲ ᠤᠨ ᠢᠯᠡ ᠲᠤᠳᠤ ᠤᠨᠴᠠᠯᠢᠭ ᠢ ᠠᠬᠤᠭᠤᠯᠵᠤ᠂ ᠮᠤᠩᠭᠤᠯ ᠦᠨᠳᠤᠰᠤᠲᠡᠨ ᠤ ᠭᠡᠪ ᠨᠠᠮᠪᠠ ᠪᠠ ᠲᠠᠯ᠎ᠠ ᠨᠤᠳᠤᠭ ᠤᠨ ᠤᠨᠴᠠᠯᠢᠭ ᠢ ᠢᠯᠡᠷᠡᠬᠦᠯᠬᠦ ᠶᠢᠨ ᠬᠠᠮᠳᠤ ᠬᠦᠮᠦᠰ ᠤᠨ ᠡᠳᠦᠷ ᠲᠤᠳᠤᠮ ᠤᠨ ᠠᠵᠢᠯ ᠠᠮᠢᠳᠤᠷᠠᠯ ᠳᠠᠭᠠᠨ ᠡᠮᠦᠰᠬᠦ ᠲᠠᠢ ᠤᠶᠠᠯᠳᠤᠭᠤᠯᠬᠤ ᠶᠢ ᠱᠠᠭᠠᠷᠳᠠᠵᠠᠢ᠃ ᠤᠷᠤᠯᠳᠤᠭᠠᠨ ᠤ ᠱᠠᠩᠨᠠᠯ ᠤᠨ ᠮᠦᠩᠬᠦ ᠶᠢ ᠨᠡᠶᠢᠲᠡ 80 ᠲᠦᠮᠡᠨ ᠲᠦᠬᠦᠷᠢᠭ ᠲᠤᠬᠢᠷᠠᠭᠤᠯᠵᠤ᠂ ᠡᠬᠦᠨ ᠳᠤ ᠲᠤᠰᠬᠠᠢᠢᠯᠠᠨ ᠰᠤᠷᠭᠠᠭᠤᠯᠢ ᠳᠤ ᠪᠠᠶᠢᠭ᠎ᠠ ᠰᠤᠷᠤᠭᠴᠢ ᠶᠢᠨ ᠵᠢᠷᠤᠵᠤ ᠲᠦᠯᠦᠪᠯᠡᠭᠰᠡᠨ ᠰᠢᠨ᠎ᠠ ᠬᠦᠮᠦᠨ ᠤ ᠱᠠᠩᠨᠠᠯ ᠢ ᠲᠤᠬᠢᠷᠠᠭᠤᠯᠤᠨ᠂ ᠤᠷᠤᠯᠳᠤᠭᠠᠨ ᠳᠤ ᠤᠷᠤᠯᠴᠠᠬᠤ ᠪᠦᠲᠦᠭᠡᠯ ᠤᠨ ᠦᠪᠡᠷ ᠢᠶᠠᠨ ᠡᠬᠦᠳᠤᠨ ᠵᠤᠬᠢᠶᠠᠭᠰᠠᠨ ᠤᠤᠭᠠᠯ ᠪᠦᠲᠦᠭᠡᠯ ᠪᠠᠶᠢᠬᠤ ᠪᠠ ᠰᠢᠨ᠎ᠠ ᠶᠢ ᠡᠬᠦᠳᠬᠦ ᠶᠢ ᠶᠡᠭᠡᠲᠡ ᠵᠤᠷᠢᠭᠵᠢᠭᠤᠯᠵᠤ᠂ ᠤᠨᠴᠠᠭᠠᠢᠢᠯᠠᠨ ᠶᠡᠭᠡ ᠲᠡᠭᠡᠳᠤ ᠰᠤᠷᠭᠠᠭᠤᠯᠢ ᠳᠤ ᠰᠤᠷᠤᠯᠴᠠᠵᠤ ᠪᠠᠶᠢᠭ᠎ᠠ ᠰᠤᠷᠤᠭᠴᠢᠳ ᠤᠨ ᠦᠷᠭᠡᠨ ᠢᠶᠠᠷ ᠤᠷᠤᠯᠴᠠᠬᠤ ᠶᠢ ᠲᠠᠶᠢᠴᠢᠯᠠᠪᠠ᠃         ᠳᠤᠰ ᠤᠳᠠᠭ᠎ᠠ ᠶᠢᠨ ᠤᠷᠤᠯᠳᠤᠭᠠᠨ ᠢ ᠠᠩᠬᠠᠨ ᠤ ᠰᠢᠯᠭᠠᠷᠠᠭᠤᠯᠤᠯᠳᠠ ᠪᠤᠯᠤᠨ ᠡᠴᠤᠰ ᠤᠨ ᠰᠢᠯᠭᠠᠷᠠᠭᠤᠯᠤᠯᠳᠠ ᠬᠡᠵᠥ ᠬᠤᠶᠠᠷ ᠱᠠᠳᠦ ᠬᠤᠪᠢᠶᠠᠨ᠎ᠠ᠃ ᠠᠩᠬᠠᠨ ᠤ ᠰᠢᠯᠭᠠᠷᠠᠭᠤᠯᠤᠯᠳᠠ ᠶᠢ ᠭᠤᠤᠯᠳᠠᠭᠤ ᠰᠦᠯᠵᠢᠶ᠎ᠡ ᠪᠠᠷ ᠳᠠᠮᠵᠢᠨ ᠪᠦᠬᠦ ᠤᠯᠤᠰ ᠤᠨ ᠬᠡᠪᠴᠢᠶ᠎ᠡ ᠠᠴᠠ ᠪᠦᠳᠦᠬᠡᠯ ᠡᠯᠰᠡᠵᠤ᠂ ᠠᠩᠬᠠᠨ ᠤ ᠰᠢᠯᠭᠠᠷᠠᠭᠤᠯᠤᠯᠳᠠ ᠶᠢᠨ ᠨᠡᠷ᠎ᠡ ᠮᠡᠳᠡᠬᠦᠯᠬᠦ ᠴᠠᠭ 2018 ᠤᠨ ᠤ 6 ᠰᠠᠷ᠎ᠠ ᠶᠢᠨ 1 ᠤ ᠡᠳᠦᠷ ᠠᠴᠠ 7 ᠰᠠᠷ᠎ᠠ ᠶᠢᠨ 1 ᠤ ᠡᠳᠤᠷ ᠬᠦᠷᠦᠨ᠎ᠠ᠃ ᠠᠩᠬᠠᠨ ᠤ ᠰᠢᠯᠭᠠᠷᠠᠭᠤᠯᠤᠯᠲᠠ ᠳᠤ ᠬᠢᠷᠢ ᠲᠡᠩᠴᠡᠭᠰᠡᠨ ᠤ ᠲᠠᠷᠠᠭ᠎ᠠ ᠤᠷᠤᠯᠳᠤᠭᠠᠨ ᠤ ᠵᠤᠬᠢᠶᠠᠨ ᠪᠠᠶᠢᠭᠤᠯᠬᠤ ᠺᠤᠮᠢᠰ ᠠᠴᠠ ᠡᠴᠦᠰ ᠤᠨ ᠰᠢᠯᠭᠠᠷᠠᠭᠤᠯᠤᠯᠲᠠ ᠳᠤ ᠤᠷᠤᠬᠤ ᠤᠷᠤᠯᠴᠠᠭᠰᠠᠳ ᠲᠤ ᠮᠡᠳᠡᠭᠳᠡᠵᠤ᠂ ᠤᠷᠤᠯᠳᠤᠭᠠᠨ ᠳᠤ ᠤᠷᠤᠯᠴᠠᠬᠤ ᠪᠦᠲᠦᠭᠡᠯ ᠢᠶᠠᠨ ᠲᠡᠪᠰᠢᠬᠦᠯᠵᠤ᠂ 8 ᠰᠠᠷ᠎ᠠ ᠶᠢᠨ 5 ᠤ ᠡᠳᠦᠷ ᠬᠠᠮᠤᠭ ᠡᠴᠤᠰ ᠤᠨ ᠱᠠᠩᠨᠠᠯ ᠬᠦᠷᠲᠡᠭᠰᠡᠨ ᠪᠦᠲᠦᠭᠡᠯ ᠢ ᠰᠢᠯᠭᠠᠷᠠᠭᠤᠯᠤᠨ ᠭᠠᠷᠭᠠᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号