ᠯᠦᠸᠧ ᠬᠤ᠋ ᠽᠠᠢ ᠰᠢᠯᠢ ᠶᠢᠨ ᠬᠤᠲᠠ ᠳᠤ ᠬᠦᠨᠵᠡᠬᠡᠶᠢᠷᠡᠨ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠬᠰᠠᠨ ᠪᠠ ᠰᠢᠢᠳᠪᠦᠷᠢᠯᠡᠭᠦᠯᠬᠦ ᠪᠠᠷ ᠳᠤᠰᠢᠶᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠦ ᠤᠯᠠᠨ ᠲᠦᠮᠡᠨ ᠤ ᠲᠤᠰᠬᠠᠯ ᠴᠢᠩᠭ᠎ᠠ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠭᠡᠷᠡᠭᠲᠡᠢ
ᠨᠡᠶᠢᠲᠡᠯᠡᠭᠰᠡᠨ ᠴᠠᠭ᠄
2018-06-21
    6 ᠰᠠᠷ᠎ᠠ ᠶᠢᠨ 10᠎ ᠤ ᠦᠳᠡ ᠶᠢᠨ ᠬᠤᠶᠢᠨ᠎ᠠ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠰᠢᠯᠢ ᠶᠢᠨ ᠬᠤᠲᠠ ᠪᠠᠷ ᠬᠦᠨᠵᠡᠬᠡᠶᠢᠷᠡᠨ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠬᠰᠠᠨ ᠪᠠ ᠰᠢᠢᠳᠪᠦᠷᠢᠯᠡᠬᠦᠯᠬᠦ ᠪᠠᠷ ᠳᠤᠰᠢᠶᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠠᠶᠢᠴᠠᠭᠠᠨ ᠰᠤᠳᠤᠯᠵᠦ᠂ ᠡᠯ᠎ᠡ ᠭᠠᠵᠠᠷ ᠡᠯ᠎ᠠ ᠰᠠᠯᠠᠭ᠎ᠠ ᠮᠥᠴᠢᠷ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠬᠡᠢ ᠲᠤᠤᠱᠯᠠᠭᠤᠯᠵᠦ᠂ ᠲᠦᠪ ᠪᠠ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠤᠰᠤᠭᠠᠷ᠂ ᠦᠵᠡᠯᠳᠡ ᠲᠠᠨᠢᠯᠲᠠ᠂ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠤᠯᠤᠰ ᠲᠦᠷᠦ ᠶᠢᠨ ᠡᠬᠦᠷᠭᠡ ᠬᠠᠷᠢᠭᠤᠴᠠᠯᠭ᠎ᠠ ᠪᠠᠨ ᠡᠬᠦᠷᠭᠡᠯᠡᠵᠦ᠂ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠠᠳᠬᠤᠵᠦ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠲᠤᠯᠬᠤ ᠲᠠᠶᠢᠯᠠᠯᠳᠤᠭᠠᠨ ᠤ ᠢᠯᠠᠯᠲᠠ ᠶᠢ ᠤᠯᠬᠤ ᠭᠡᠷᠡᠭᠲᠡᠢ ᠭᠡᠵᠦ ᠴᠢᠬᠤᠯᠠᠴᠢᠯᠠᠪᠠ᠃         ᠯᠦᠸᠧ ᠬᠤ᠋ ᠽᠠᠢ ᠤᠷᠢᠳ ᠬᠤᠵᠢᠳ ᠰᠢᠯᠢ ᠶᠢᠨ ᠬᠤᠲᠠ ᠶᠢᠨ ᠢᠯᠴᠢ ᠴᠠᠬᠢᠯᠭᠠᠨ ᠤ ᠦᠢᠯᠡᠳᠪᠦᠷᠢ᠂ ᠱᠧᠨ ᠬᠤᠸᠠ ᠪᠸᠢ ᠳ᠋ᠢᠶᠠᠨ ᠱᠧᠩ ᠯᠢ ᠡᠨᠧᠷᠬᠢ ᠨᠡᠬᠦᠷᠡᠰᠦ ᠲᠠᠮᠵᠢᠭᠤᠯᠬᠤ ᠱᠤᠭᠤᠮ᠂ ᠰᠢᠯᠢ ᠶᠢᠨ ᠭᠤᠤᠯ ᠤᠨ ᠲᠠᠯ᠎ᠠ ᠨᠤᠲᠤᠭ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠤᠷᠴᠢᠨ ᠲᠤᠭᠤᠷᠢᠨ ᠤ ᠵᠠᠰᠠᠯᠲᠠ ᠶᠢᠨ ᠠᠬᠤᠢ ᠲᠠᠯᠠᠪᠠᠢ ᠵᠡᠷᠭᠡ ᠭᠠᠵᠠᠷ ᠢᠶᠠᠷ ᠬᠦᠨᠵᠡᠬᠡᠶᠢᠷᠡᠨ ᠪᠠᠶᠢᠳᠠᠯ ᠤᠢᠢᠯᠠᠭᠠᠵᠦ᠂ ᠠᠵᠦ ᠠᠬᠤᠢᠢᠯᠠᠯ ᠭᠤᠤᠯ ᠴᠤᠭᠴᠠ ᠶᠢᠨ ᠡᠬᠦᠷᠭᠡ ᠬᠠᠷᠢᠭᠤᠴᠠᠯᠭ᠎ᠠ ᠪᠠᠨ ᠡᠬᠦᠷᠭᠡᠯᠡᠵᠦ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠲᠤᠰᠬᠠᠬᠰᠠᠨ ᠠᠰᠠᠭᠤᠳᠠᠯ ᠢ ᠲᠤᠭᠳᠠᠭᠰᠠᠨ ᠬᠤᠭᠤᠴᠠᠭᠠᠨ ᠳᠤ ᠪᠦᠬᠦᠨ ᠢ ᠵᠠᠰᠠᠨ ᠰᠠᠶᠢᠵᠢᠷᠠᠭᠤᠯᠬᠤ ᠬᠡᠷᠡᠭᠲᠡᠢ ᠭᠡᠪᠡ᠃         ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠬᠢᠨᠠᠨ ᠪᠠᠶᠢᠴᠠᠭᠠᠯᠳᠠ ᠶᠢ ᠰᠠᠨᠠᠭᠠᠴᠢᠯᠠᠭᠠᠳᠠᠢ ᠪᠠᠷ ᠬᠦᠯᠢᠶᠠᠵᠤ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠠᠳᠬᠤᠵᠤ᠂ ᠲᠦᠷᠦᠬᠦᠯᠡᠨ ᠵᠢᠯᠤᠭᠤᠳᠴᠤ᠂ ᠲᠤᠭᠳᠠᠭᠰᠠᠨ ᠬᠤᠭᠤᠴᠠᠭᠠᠨ ᠳᠤ ᠪᠤᠳᠠᠳᠠᠢ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠢ ᠰᠢᠢᠳᠪᠤᠷᠢᠯᠡᠵᠤ ᠠᠮᠢ ᠠᠬᠤᠢ ᠤᠷᠴᠢᠨ ᠲᠤᠭᠤᠷᠢᠨ ᠤ ᠰᠠᠶᠢᠵᠢᠷᠠᠯᠳᠠ ᠶᠢ ᠠᠬᠢᠭᠤᠯᠵᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠭᠤᠤᠯᠳᠠᠯᠭ᠎ᠠ ᠲᠠᠢ ᠠᠰᠠᠭᠤᠳᠠᠯ ᠪᠠ ᠵᠠᠩᠬᠢᠯᠠᠭ᠎ᠠ ᠶᠢᠨ ᠡᠬᠦᠷᠭᠡ ᠶᠢ ᠬᠠᠷᠢᠭᠤᠴᠠᠨ ᠰᠢᠢᠳᠪᠤᠷᠢᠯᠡᠵᠤ᠂ ᠠᠵᠢᠯ ᠤᠨ ᠠᠷᠭ᠎ᠠ ᠪᠠᠨ ᠡᠷᠴᠢᠮᠵᠢᠬᠦᠯᠵᠦ᠂ ᠴᠡᠭᠴᠡᠯᠡᠨ ᠰᠠᠶᠢᠵᠢᠷᠠᠭᠤᠯᠤᠯᠲᠠ ᠶᠢ ᠦᠨᠡᠨᠬᠦ ᠠᠳᠬᠤᠵᠤ᠂ ᠪᠤᠳᠠᠳᠤ ᠦᠷ᠎ᠠ ᠪᠦᠲᠤᠮᠵᠢ ᠭᠠᠷᠭᠠᠬᠤ ᠭᠡᠷᠡᠭᠲᠡᠢ᠃ ᠤᠯᠠᠨ ᠲᠦᠮᠡᠨ ᠤ ᠲᠤᠰᠬᠠᠯ ᠶᠡᠭᠡᠲᠡᠢ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠲᠡᠭᠡᠲᠦ ᠭᠡᠮᠵᠢᠶ᠎ᠠ ᠪᠠᠷ ᠴᠢᠬᠤᠯᠠᠴᠢᠯᠠᠵᠤ᠂ ᠠᠰᠠᠭᠤᠳᠠᠯ ᠪᠦᠷᠢ ᠶᠢ ᠲᠤᠰᠬᠠᠢ ᠬᠠᠷᠢᠭᠤᠴᠠᠬᠤ ᠬᠦᠮᠦᠨ ᠲᠠᠢ ᠪᠠᠶᠢᠯᠭᠠᠵᠤ᠂ ᠬᠠᠤᠯᠢ ᠲᠦᠷᠢᠮ ᠶᠤᠰᠤᠭᠠᠷ ᠪᠠᠶᠢᠴᠠᠭᠠᠨ ᠰᠢᠢᠳᠪᠤᠷᠢᠯᠡᠵᠤ᠂ ᠲᠦᠢᠯᠪᠤᠷᠢᠳᠠᠢ ᠴᠡᠭᠴᠡᠯᠡᠨ ᠰᠠᠶᠢᠵᠢᠷᠠᠭᠤᠯᠬᠤ ᠭᠡᠷᠡᠭᠲᠡᠢ᠃ ᠬᠢᠨᠠᠨ ᠪᠠᠶᠢᠴᠠᠭᠠᠵᠤ ᠬᠠᠷᠢᠭᠤᠴᠠᠯᠭ᠎ᠠ ᠨᠡᠭᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠦᠩᠭᠡᠨ ᠲᠡᠲᠦᠢ ᠴᠡᠭᠴᠡᠯᠡᠨ ᠰᠠᠶᠢᠵᠢᠷᠠᠭᠤᠯᠤᠭᠰᠠᠨ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠤᠭᠰᠠᠨ᠂ ᠬᠠᠰᠢ ᠶᠠᠰᠢ ᠪᠠᠷ ᠴᠡᠭᠴᠡᠯᠡᠨ ᠰᠠᠶᠢᠵᠢᠷᠠᠭᠤᠯᠤᠭᠰᠠᠨ ᠠᠰᠠᠭᠤᠳᠠᠯ ᠳᠤ ᠴᠢᠩᠭ᠎ᠠ ᠬᠠᠷᠢᠭᠤᠴᠠᠯᠭ᠎ᠠ ᠨᠡᠭᠡᠮᠵᠢᠯᠡᠬᠦ ᠭᠡᠷᠡᠭᠲᠡᠢ ᠭᠡᠪᠡ᠃         ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠨᠠᠷᠢᠨ ᠪᠢᠴᠢᠭ ᠤᠨ ᠲᠠᠷᠤᠭ᠎ᠠ ᠸᠠᠩ ᠷᠦᠢ᠂ ᠠᠶᠢᠮᠠᠭ ᠤᠨ ᠳᠡᠳ᠋ ᠲᠠᠷᠤᠭ᠎ᠠ ᠮᠧᠩ ᠵᠤᠤ ᠵᠢᠶᠦ᠋ᠨ᠂ ᠰᠢᠯᠢ ᠶᠢᠨ ᠬᠤᠳᠠ ᠪᠠ ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠠᠷ᠎ᠠ ᠪᠤᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号