ᠪᠦᠬᠦ ᠠᠶᠢᠮᠠᠭ ᠤᠨ ᠬᠤᠲᠠ ᠪᠠᠯᠭᠠᠰᠤ ᠶᠢᠨ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠴᠡᠭᠴᠡᠯᠡᠨ ᠰᠠᠶᠢᠵᠢᠷᠠᠭᠤᠯᠬᠤ ᠠᠵᠢᠯ ᠦᠷ᠎ᠡ ᠪᠦᠲᠦᠮᠵᠢ ᠲᠠᠢ ᠪᠤᠯᠵᠠᠢ
ᠨᠡᠶᠢᠲᠡᠯᠡᠭᠰᠡᠨ ᠴᠠᠭ᠄
2018/6/21
    2016 ᠤᠨ ᠳᠤ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠠᠴᠠ ︽ᠮᠠᠨ ᠤ ᠠᠶᠢᠮᠠᠭ ᠤᠨ 12 ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠠᠭᠠᠭᠠᠴᠠ ᠶᠢᠨ ᠨᠤᠷᠮ᠎ᠠ 60%᠎ ᠠᠴᠠ ᠲᠤᠷᠤᠭᠰᠢ ᠪᠠᠶᠢᠭ᠎ᠠ ᠨᠢ 8 ᠪᠠᠶᠢᠵᠦ᠂ ᠠᠪᠠᠭ᠎ᠠ ᠬᠤᠰᠢᠭᠤ ᠪᠠ ᠲᠠᠶᠢᠹᠦᠰᠧ ᠬᠤᠰᠢᠭᠤ ᠶᠢᠨ 5 ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠪᠠᠷᠢᠮᠵᠢᠶᠡᠨ ᠠᠴᠠ ᠭᠡᠲᠦᠷᠡᠬᠦᠯᠦᠨ ᠭᠠᠳᠠᠭᠰᠢᠯᠠᠭᠤᠯᠤᠭᠰᠠᠨ︾ ᠠᠰᠠᠭᠤᠳᠠᠯ ᠢ ᠲᠤᠰᠬᠠᠪᠠ᠃ ᠡᠬᠦᠨ ᠳᠤ ᠠᠶᠢᠮᠠᠭ ᠤᠨ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ ᠲᠤᠰᠬᠠᠢ ᠲᠦᠷᠦᠯ ᠤᠨ ᠤᠳᠤᠷᠢᠳᠬᠤ ᠲᠤᠭᠤᠢᠢᠯᠠᠩ ᠪᠠᠶᠢᠭᠤᠯᠵᠦ᠂ ︽ᠰᠢᠯᠢ ᠶᠢᠨ ᠭᠤᠤᠯ ᠠᠶᠢᠮᠠᠭ ᠤᠨ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠴᠡᠭᠴᠡᠯᠡᠨ ᠰᠠᠶᠢᠵᠢᠷᠠᠭᠤᠯᠬᠤ ᠭᠡᠷᠡᠭᠵᠢᠬᠦᠯᠬᠦ ᠲᠦᠰᠦᠯ︾᠎ ᠢ ᠲᠤᠭᠳᠠᠭᠠᠵᠦ᠂ ᠵᠠᠰᠠᠨ ᠰᠠᠶᠢᠵᠢᠷᠠᠭᠤᠯᠬᠤ ᠡᠬᠦᠷᠭᠡ ᠶᠢ ᠪᠤᠳᠠᠳᠠᠢ ᠨᠠᠶᠢᠳᠠᠪᠤᠷᠢᠵᠢᠭᠤᠯᠪᠠ᠃         ᠴᠡᠭᠴᠡᠯᠡᠨ ᠰᠠᠶᠢᠵᠢᠷᠠᠭᠤᠯᠬᠤ ᠪᠠᠷ ᠲᠠᠮᠵᠢᠭᠤᠯᠵᠦ᠂ ᠠᠪᠠᠭ᠎ᠠ ᠬᠤᠰᠢᠭᠤ᠂ ᠰᠢᠯᠤᠭᠤᠨ ᠬᠦᠪᠡᠭᠡᠲᠦ ᠴᠠᠭᠠᠨ ᠬᠤᠰᠢᠭᠤ᠂ ᠰᠦᠨᠢᠳ ᠵᠡᠬᠦᠨ ᠬᠤᠰᠢᠭᠤ᠂ ᠰᠦᠨᠢᠳ ᠪᠠᠷᠠᠭᠤᠨ ᠬᠤᠰᠢᠭᠤᠨ ᠤ ᠪᠤᠬᠢᠷ ᠤᠰᠤ ᠰᠢᠢᠳᠪᠦᠷᠢᠯᠡᠬᠦ ᠦᠶ᠋ᠯᠡᠳᠪᠦᠷᠢ ᠶᠢᠨ ᠲᠠᠭᠠᠭᠠᠴᠠ ᠶᠢᠨ ᠨᠤᠷᠮ᠎ᠠ 60% ᠬᠦᠷᠦᠭᠰᠡᠨ ᠦᠬᠡᠢ ᠦᠢᠯᠡᠳᠪᠦᠷᠢ ᠳᠤ ᠮᠡᠷᠭᠡᠵᠢᠯ ᠤᠨ ᠰᠢᠨᠡᠴᠢᠯᠡᠯᠲᠡ᠂ ᠲᠤᠨᠤᠭ ᠲᠦᠭᠦᠬᠡᠷᠦᠮᠵᠢ ᠶᠢ ᠰᠡᠯᠪᠢᠨ ᠵᠠᠰᠠᠬᠤ ᠵᠡᠷᠭᠡ ᠪᠠᠷ ᠲᠠᠮᠵᠢᠭᠤᠯᠵᠦ᠂ ᠵᠠᠰᠠᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠬᠦᠯᠵᠦ᠂ ᠲᠠᠶᠢᠹᠦᠰᠧ ᠬᠤᠰᠢᠭᠤ᠂ ᠰᠢᠯᠤᠭᠤᠨ ᠬᠦᠬᠡ ᠬᠤᠰᠢᠭᠤ᠂ ᠲᠤᠯᠤᠨ ᠨᠤᠤᠷ ᠰᠢᠶᠠᠨ ᠵᠠᠰᠠᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠦᠷᠨᠢᠬᠦᠯᠵᠦ ᠪᠤᠢ᠃         ᠲᠠᠶᠢᠹᠦᠰᠧ ᠬᠤᠰᠢᠭᠤ ᠪᠠ ᠵᠡᠬᠦᠨ ᠦᠵᠦᠮᠦᠴᠢᠨ ᠬᠤᠰᠢᠭᠤᠨ ᠤ ᠪᠤᠬᠢᠷ ᠤᠰᠤ ᠰᠢᠢᠳᠪᠤᠷᠢᠯᠡᠬᠦ ᠦᠢᠯᠡᠳᠪᠤᠷᠢ ᠬᠠᠭᠤᠴᠢᠨ ᠲᠤᠨᠤᠭ ᠲᠦᠬᠦᠭᠡᠷᠦᠮᠵᠢ ᠪᠠᠨ ᠰᠤᠯᠢᠵᠦ᠂ ᠠᠪᠠᠭ᠎ᠠ ᠬᠤᠰᠢᠭᠤᠨ ᠤ ᠪᠤᠬᠢᠷ ᠤᠰᠤ ᠰᠢᠢᠳᠪᠤᠷᠢᠯᠡᠬᠦ ᠦᠢᠯᠡᠳᠪᠤᠷᠢ ᠪᠤᠬᠢᠷ ᠤᠰᠤ ᠶᠢ ᠰᠢᠢᠳᠪᠤᠷᠢᠯᠡᠬᠦ ᠮᠡᠷᠭᠡᠵᠢᠯ ᠢᠶᠠᠨ ᠰᠠᠶᠢᠵᠢᠷᠠᠭᠤᠯᠵᠦ᠂ ᠪᠠᠷᠠᠭᠤᠨ ᠦᠵᠦᠮᠦᠴᠢᠨ ᠬᠤᠰᠢᠭᠤ ᠬᠦᠨᠵᠡᠭᠡᠢ ᠰᠢᠢᠳᠪᠤᠷᠢᠯᠡᠬᠦ ᠲᠠᠰᠤᠭ ᠪᠠᠶᠢᠭᠤᠯᠵᠦ᠂ ᠰᠢᠯᠢ ᠶᠢᠨ ᠬᠤᠳᠠ ᠪᠠᠷᠢᠮᠵᠢᠶ᠎ᠠ ᠪᠠᠨ ᠲᠡᠭᠡᠭᠰᠢᠯᠡᠬᠦᠯᠦᠨ ᠦᠭᠡᠷᠡᠴᠢᠯᠡᠨ ᠰᠠᠶᠢᠵᠢᠷᠠᠭᠤᠯᠵᠦ᠂ 5 ᠪᠤᠬᠢᠷ ᠤᠰᠤ ᠰᠢᠢᠳᠪᠤᠷᠢᠯᠡᠬᠦ ᠦᠢᠯᠡᠳᠪᠤᠷᠢ ᠶᠢᠨ ᠪᠠᠷᠢᠮᠵᠢᠶᠡᠨ ᠠᠴᠠ ᠬᠡᠲᠦᠷᠡᠭᠦᠯᠦᠨ ᠭᠠᠳᠠᠭᠰᠢᠯᠠᠭᠤᠯᠤᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠪᠠᠷᠢᠮᠵᠢᠶᠠᠨ ᠳᠤ ᠬᠦᠷᠭᠡᠪᠡ᠃     ᠤᠳᠤᠬᠠᠨ ᠳᠤ᠂ ᠮᠠᠨ ᠤ ᠠᠶᠢᠮᠠᠭ ᠤᠨ 6 ᠲᠤᠮᠳᠠ ᠤᠰᠤ ᠶᠢᠨ ᠦᠢᠯᠡᠳᠪᠤᠷᠢ ᠲᠤᠭᠳᠠᠭᠤᠨ ᠢᠶᠠᠷ ᠡᠷᠬᠢᠯᠳᠤᠵᠤ ᠂ ᠲᠤᠯᠤᠨ ᠨᠤᠤᠷ ᠰᠢᠶᠠᠨ ᠤ 1 ᠦᠢᠯᠡᠳᠪᠤᠷᠢ ᠲᠤᠷᠰᠢᠨ ᠠᠵᠢᠯᠯᠠᠵᠤ᠂ 5 ᠦᠢᠯᠡᠳᠪᠤᠷᠢ ᠶᠢ ᠶᠠᠭ ᠪᠠᠶᠢᠭᠤᠯᠵᠤ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号