ᠾᠦᠸᠧ ᠵᠤᠤ ᠯᠢᠶᠠᠩ ᠠᠪᠠᠭ᠎ᠠ ᠬᠤᠰᠢᠭᠤ ᠰᠦᠨᠢᠳ ᠵᠡᠬᠦᠨ ᠬᠤᠰᠢᠭᠤ ᠪᠠᠷ ᠬᠦᠨᠵᠡᠬᠡᠶᠢᠷᠡᠨ ᠠᠬᠤᠢ ᠲᠠᠯᠠᠪᠠᠢ ᠳᠤ ᠱᠠᠯᠠᠪᠳᠠᠭᠤᠯᠤᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠪᠠ ᠤᠷᠴᠢᠨ ᠲᠤᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠦ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠳᠡ ᠶᠢᠨ ᠲᠤᠰᠬᠠᠬᠰᠠᠨ ᠠᠰᠠᠭᠤᠳᠠᠯ ᠢ ᠵᠠᠰᠠᠨ ᠰᠠᠶᠢᠵᠢᠷᠠᠭᠤᠯᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2018/6/21
    6 ᠰᠠᠷ᠎ᠠ ᠶᠢᠨ 11᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠾᠦᠸᠧ ᠵᠤᠤ ᠯᠢᠶᠠᠩ ᠠᠪᠠᠭ᠎ᠠ ᠬᠤᠰᠢᠭᠤ᠂ ᠰᠦᠨᠢᠳ ᠵᠡᠬᠦᠨ ᠬᠤᠰᠢᠭᠤ ᠪᠠᠷ ᠬᠦᠨᠵᠡᠬᠡᠶᠢᠷᠡᠨ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠳᠡ ᠳᠤ ᠲᠤᠰᠬᠠᠬᠰᠠᠨ ᠠᠰᠠᠭᠤᠳᠠᠯ ᠢ ᠵᠠᠰᠠᠨ ᠰᠠᠶᠢᠵᠢᠷᠠᠭᠤᠯᠬᠤ ᠠᠵᠢᠯ ᠢ ᠠᠬᠤᠢ ᠲᠠᠯᠠᠪᠠᠢ ᠳᠤ ᠱᠠᠯᠠᠪᠳᠠᠭᠤᠯᠤᠨ ᠪᠠᠶᠢᠴᠠᠭᠠᠪᠠ᠃ ᠲᠡᠷᠡ ᠴᠢᠬᠤᠯᠠᠴᠢᠯᠠᠬᠤ ᠳᠠᠭᠠᠨ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠠ ᠪᠦᠬᠦ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠵᠦ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠪᠠ ᠤᠷᠴᠢᠨ ᠲᠤᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠦ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠳᠡ ᠳᠤ ᠲᠤᠰᠬᠠᠬᠰᠠᠨ ᠠᠰᠠᠭᠤᠳᠠᠯ ᠢ ᠵᠠᠰᠠᠨ ᠰᠠᠶᠢᠵᠢᠷᠠᠭᠤᠯᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠬᠡᠪᠡ᠃         ᠾᠦᠸᠧ ᠵᠤᠤ ᠯᠢᠶᠠᠩ ᠠᠪᠠᠭ᠎ᠠ ᠬᠤᠰᠢᠭᠤ᠂ ᠰᠦᠨᠢᠳ ᠵᠡᠬᠦᠨ ᠬᠤᠰᠢᠭᠤᠨ ᠤ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠵᠢᠴᠢ ᠲᠤᠮᠳᠠ ᠤᠰᠤ ᠶᠢ ᠠᠰᠢᠭᠯᠠᠬᠤ ᠢᠨᠵᠧᠨᠧᠷᠢᠩ ᠤᠨ ᠠᠬᠤᠢ ᠲᠠᠯᠠᠪᠠᠢ ᠳᠤ ᠪᠠᠶᠢᠳᠠᠯ ᠤᠢᠢᠯᠠᠭᠠᠬᠤ ᠳᠠᠭᠠᠨ᠂ ᠪᠤᠬᠢᠷ ᠤᠰᠤ ᠰᠢᠢᠳᠪᠦᠷᠢᠯᠡᠬᠦ ᠠᠵᠢᠯ ᠢ ᠲᠡᠭᠡᠲᠤ ᠬᠡᠮᠵᠢᠶ᠎ᠡ ᠪᠠᠷ ᠴᠢᠬᠤᠯᠠᠴᠢᠯᠠᠵᠦ᠂ ᠤᠷᠲᠤ ᠬᠤᠭᠤᠴᠠᠭᠠᠨ ᠤ ᠲᠤᠭᠳᠠᠴᠠ ᠶᠢ ᠪᠠᠶᠢᠭᠤᠯᠵᠦ᠂ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠡᠷᠬᠢᠯᠲᠠ ᠵᠢᠴᠢ ᠲᠤᠮᠳᠠ ᠤᠰᠤ ᠶᠢ ᠠᠰᠢᠭᠯᠠᠬᠤ ᠨᠤᠷᠮ᠎ᠠ ᠶᠢ ᠲᠡᠭᠡᠭᠰᠢᠯᠡᠬᠦᠯᠵᠦ᠂ ᠪᠤᠬᠢᠷ ᠤᠰᠤ ᠰᠢᠢᠳᠪᠦᠷᠢᠯᠡᠬᠦ ᠰᠢᠰᠲᠧᠮ ᠤᠨ ᠲᠤᠭᠳᠠᠭᠤᠨ ᠡᠷᠬᠢᠯᠲᠡ ᠪᠡ ᠭᠠᠳᠠᠭᠰᠢᠯᠠᠭᠤᠯᠤᠭᠰᠠᠨ ᠪᠤᠳᠠᠰ ᠢ ᠪᠠᠷᠢᠮᠵᠢᠶᠠᠨ ᠳᠤ ᠬᠦᠷᠭᠡᠬᠦ ᠶᠢ ᠪᠠᠲᠤᠯᠠᠵᠦ᠂ ᠲᠤᠮᠳᠠ ᠤᠰᠤ ᠶᠢ ᠬᠠᠮᠤᠭ ᠶᠡᠭᠡ ᠬᠡᠮᠵᠢᠶ᠎ᠡ ᠪᠠᠷ ᠲᠠᠬᠢᠨ ᠠᠰᠢᠭᠯᠠᠬᠤ ᠭᠡᠷᠡᠭᠲᠡᠢ ᠬᠡᠵᠦ ᠴᠢᠬᠤᠯᠠᠴᠢᠯᠠᠪᠠ᠃         ᠾᠦᠸᠧ ᠵᠤᠤ ᠯᠢᠶᠠᠩ ᠵᠢᠭᠠᠬᠤ ᠳᠠᠭᠠᠨ᠂ ᠡᠯ᠎ᠠ ᠭᠠᠵᠠᠷ ᠡᠯ᠎ᠠ ᠰᠠᠯᠠᠭ᠎ᠠ ᠮᠥᠴᠢᠷ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠦ᠂ ᠱᠠᠯᠠᠪᠳᠠᠭᠤᠯᠤᠨ ᠪᠠᠶᠢᠴᠠᠭᠠᠯᠲᠠ ᠶᠢ ᠰᠠᠨᠠᠭᠠᠴᠢᠯᠠᠭᠠᠳᠠᠢ ᠪᠠᠷ ᠬᠦᠯᠢᠶᠡᠨ ᠠᠪᠴᠦ᠂ ᠦᠵᠡᠯᠳᠡ ᠲᠠᠨᠢᠯᠲᠠ ᠪᠠᠨ ᠲᠡᠭᠡᠭᠰᠢᠯᠡᠬᠦᠯᠵᠦ᠂ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠦ᠂ ᠠᠵᠢᠯ ᠢᠶᠠᠨ ᠨᠠᠩ ᠰᠠᠶᠢᠨ ᠬᠢᠬᠦ ᠬᠡᠷᠡᠭᠲᠡᠢ᠃ ᠡᠯ᠎ᠠ ᠭᠠᠵᠠᠷ ᠤᠨ ᠬᠢᠨ ᠲᠤᠰ ᠤᠳᠠᠭᠠᠨ ᠤ ︽ᠡᠷᠬᠢᠨ ᠬᠠᠷᠠᠬᠤ︾ ᠠᠵᠢᠯᠯᠠᠭ᠎ᠠ ᠪᠠᠷ ᠲᠤᠬᠢᠶᠠᠯ ᠪᠤᠯᠭᠠᠵᠦ᠂ ᠠᠮᠢ ᠠᠬᠤᠢ ᠤᠷᠴᠢᠨ ᠲᠤᠭᠤᠷᠢᠨ ᠤ ᠠᠰᠠᠭᠤᠳᠠᠯ ᠢ ᠲᠠᠬᠢᠨᠳᠠ ᠪᠠᠶᠢᠴᠠᠭᠠᠨ ᠰᠢᠢᠳᠪᠦᠷᠢᠯᠡᠵᠦ᠂ ᠵᠠᠰᠠᠨ ᠰᠠᠶᠢᠵᠢᠷᠠᠭᠤᠯᠬᠤ ᠠᠵᠢᠯ ᠤᠨ ᠦᠷ᠎ᠡ ᠪᠦᠲᠦᠮᠵᠢ ᠶᠢ ᠪᠠᠲᠤᠳᠬᠠᠬᠤ ᠭᠡᠷᠡᠭᠲᠡᠢ᠃ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠤᠨ ᠲᠤᠭᠳᠠᠴᠠ ᠪᠠᠶᠢᠭᠤᠯᠤᠮᠵᠢ ᠶᠢ ᠪᠦᠷᠢᠨᠰᠢᠬᠦᠯᠵᠦ᠂ ᠠᠮᠢ ᠠᠬᠤᠢ ᠤᠷᠴᠢᠨ ᠲᠤᠭᠤᠷᠢᠨ ᠤ ᠬᠢᠨᠠᠯᠲᠠ ᠬᠠᠮᠢᠶᠠᠷᠤᠯᠳᠠ ᠪᠠ ᠠᠰᠠᠭᠤᠳᠠᠯ ᠢ ᠵᠠᠰᠠᠨ ᠰᠠᠶᠢᠵᠢᠷᠠᠭᠤᠯᠬᠤ ᠶᠢ ᠪᠠᠶᠢᠩᠭᠤᠵᠢᠭᠤᠯᠬᠤ ᠬᠡᠷᠡᠭᠲᠡᠢ ᠭᠡᠪᠡ᠃         ᠬᠢᠨᠠᠨ ᠪᠠᠶᠢᠴᠠᠭᠠᠬᠤ ᠬᠤᠭᠤᠴᠠᠭᠠᠨ ᠳᠤ᠂ ᠾᠦᠸᠧ ᠵᠤᠤ ᠯᠢᠶᠠᠩ ᠪᠠᠰᠠ ᠠᠵᠦ ᠦᠢᠯᠡᠰ ᠢᠶᠠᠷ ᠶᠠᠳᠠᠭᠤ ᠶᠢ ᠳᠡᠳᠬᠦᠬᠦ᠂ ᠮᠠᠯᠴᠢᠳ ᠪᠠ ᠠᠵᠦ ᠠᠬᠤᠢᠢᠯᠠᠯ ᠤᠨ ᠠᠰᠢᠭ ᠲᠤᠰᠠ ᠶᠢᠨ ᠬᠤᠯᠪᠤᠭᠠᠲᠤ ᠲᠤᠭᠳᠠᠴᠠ ᠶᠢ ᠪᠠᠶᠢᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠵᠦ ᠵᠢᠭᠠᠨ ᠵᠢᠯᠤᠭᠤᠳᠴᠠᠢ᠃         ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠠᠶᠢᠮᠠᠭ ᠤᠨ ᠳᠡᠳ᠋ ᠳᠠᠷᠤᠭ᠎ᠠ ᠶᠠᠩ ᠸᠧᠨ ᠱᠧᠩ᠂ ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ ᠰᠦᠨᠢᠳ ᠵᠡᠬᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠩ ᠸᠧᠨ ᠹᠧᠩ ᠵᠢᠴᠢ ᠬᠠᠮᠢᠶ᠎ᠠ ᠪᠦᠬᠦᠢ ᠬᠠᠷᠢᠭᠤᠴᠠᠯᠭᠠᠳᠠᠨ ᠪᠡᠷ᠎ᠡ ᠪᠤᠯᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号