ᠮᠠᠨ ᠤ ᠠᠶᠢᠮᠠᠭ ᠨᠤᠳᠤᠭ ᠪᠠᠯᠴᠢᠭᠡᠷ ᠤᠨ ᠬᠠᠮᠠᠭᠠᠯᠠᠯᠳᠠ ᠶᠢ ᠪᠦᠬᠦ ᠲᠠᠯ᠎ᠠ ᠪᠠᠷ ᠴᠢᠩᠭᠠᠳᠬᠠᠵᠤ ᠪᠠᠶᠢᠨ᠎ᠠ
ᠨᠡᠶᠢᠲᠡᠯᠡᠭᠰᠡᠨ ᠴᠠᠭ᠄
2018/6/21
    ᠮᠠᠨ ᠤ ᠠᠶᠢᠮᠠᠭ ᠨᠤᠳᠤᠭ ᠪᠠᠯᠴᠢᠭᠡᠷ ᠢ ᠡᠪᠳᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ ᠠᠶᠢᠮᠠᠭ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠲᠤᠰᠬᠠᠢ ᠲᠦᠷᠦᠯ ᠢᠶᠠᠷ ᠴᠡᠭᠴᠡᠯᠡᠬᠦ ᠠᠭᠤᠯᠭ᠎ᠠ ᠳᠤ ᠤᠷᠤᠭᠤᠯᠵᠤ᠂ ᠨᠤᠳᠤᠭ ᠪᠡᠯᠴᠢᠭᠡᠷ ᠢ ᠡᠪᠳᠡᠭᠰᠡᠨ ᠭᠡᠷᠡᠭ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠭᠡᠷᠡᠭᠵᠢᠬᠦᠯᠬᠦ ᠲᠦᠰᠦᠯ ᠢ ᠲᠤᠭᠳᠠᠭᠠᠨ ᠭᠡᠷᠡᠭᠵᠢᠬᠦᠯᠵᠦ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠨᠢᠬᠦᠯᠦᠭᠰᠡᠨ ᠠᠴᠠ ᠨᠠᠰᠢ᠂ ᠨᠡᠶᠢᠲᠡ 7 ᠤᠳᠠᠭᠠᠨ ᠤ ᠬᠢᠨᠠᠨ ᠵᠢᠯᠤᠭᠤᠳᠤᠯᠭ᠎ᠠ ᠦᠷᠨᠢᠬᠦᠯᠵᠤ᠂ 6 ᠲᠦᠷᠦᠯ ᠢ ᠫᠠᠶᠢᠰᠠ ᠡᠯᠬᠦᠨ ᠱᠠᠯᠠᠪᠳᠠᠭᠤᠯᠤᠨ ᠨᠠᠶᠢᠳᠠᠪᠤᠷᠢᠵᠢᠭᠤᠯᠵᠦ᠂ 12 ᠬᠤᠰᠢᠭᠤ ᠰᠢᠶᠠᠨ ᠬᠤᠳᠠ ︵ᠤᠷᠤᠨ︶᠎ ᠶᠢᠨ ᠠᠮᠢ ᠠᠬᠤᠢ ᠶᠢᠨ ᠬᠠᠮᠠᠭᠠᠯᠠᠯᠳᠠ ᠶᠢᠨ ᠲᠤᠪᠴᠢᠶᠠᠨ ᠤ ᠬᠠᠷᠢᠭᠤᠴᠠᠯᠭᠠᠳᠠᠨ ᠲᠠᠢ ᠪᠤᠯᠵᠤᠨ ᠶᠠᠷᠢᠯᠴᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠪᠠ᠃         ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠳᠤ ᠲᠤᠰᠬᠠᠬᠰᠠᠨ ᠰᠠᠨᠠᠯ ᠢ ᠦᠨᠳᠤᠰᠤᠯᠠᠪᠠᠯ᠂ 2010 ᠤᠨ ᠠᠴᠠ 2015 ᠤᠨ ᠪᠤᠯᠳᠠᠯ᠎ᠠ ᠮᠠᠨ ᠤ ᠠᠶᠢᠮᠠᠭ ᠤᠨ ᠨᠤᠳᠤᠭ ᠪᠡᠯᠴᠢᠭᠡᠷ ᠤᠨ ᠡᠪᠳᠡᠭᠳᠡᠭᠰᠡᠨ ᠲᠠᠯᠠᠪᠠᠢ 4.6 ᠲᠦᠮᠡᠨ ᠮᠦ ᠬᠦᠷᠴᠤ᠂ 501 ᠭᠡᠷᠡᠭ ᠲᠤ ᠬᠤᠯᠪᠤᠭᠳᠠᠵᠠᠢ᠃ ᠤᠳᠤᠬᠠᠨ ᠪᠤᠯᠳᠠᠯ᠎ᠠ᠂ 501 ᠭᠡᠷᠡᠭ ᠠᠴᠠ 449 ᠭᠡᠷᠡᠭ ᠲᠤ ᠬᠤᠯᠪᠤᠬᠳᠠᠬᠰᠠᠨ ᠭᠠᠵᠠᠷ ᠤᠨ ᠤᠷᠭᠤᠮᠠᠯ ᠤᠨ ᠪᠦᠷᠬᠦᠴᠡ ᠶᠢ ᠰᠡᠷᠬᠦᠭᠡᠵᠤ᠂ ᠨᠤᠳᠤᠭ ᠪᠡᠯᠴᠢᠭᠡᠷ ᠢ ᠡᠵᠡᠯᠡᠨ ᠭᠡᠷᠡᠭᠯᠡᠬᠦ ᠬᠢᠨᠠᠨ ᠵᠦᠪᠰᠢᠶᠡᠷᠡᠬᠦ ᠭᠠᠷ ᠬᠦᠢᠴᠡᠳᠭᠡᠯ 7᠎ ᠶᠢ ᠬᠦᠢᠴᠡᠳᠭᠡᠵᠤ᠂ ᠰᠡᠷᠭᠦᠭᠡᠬᠦ ᠳᠦᠰᠦᠪ ᠶᠤᠰᠤᠭᠠᠷ 45 ᠭᠠᠵᠠᠷ ᠤᠨ ᠤᠷᠭᠤᠮᠠᠯ ᠤᠨ ᠪᠦᠷᠬᠦᠴᠡ ᠶᠢ ᠶᠠᠭ ᠰᠡᠷᠭᠦᠭᠡᠵᠤ ᠪᠠᠶᠢᠨ᠎ᠠ᠃         ᠡᠬᠦᠨ ᠤ ᠬᠠᠮᠳᠤ᠂ 2016 ᠤᠨ ᠤ 1 ᠰᠠᠷ᠎ᠠ ᠠᠴᠠ 2017 ᠤᠨ ᠤ 6 ᠰᠠᠷ᠎ᠠ ᠬᠦᠷᠲᠡᠯ᠎ᠡ᠂ ᠮᠠᠨ ᠤ ᠠᠶᠢᠮᠠᠭ ᠨᠤᠳᠤᠭ ᠪᠡᠯᠴᠢᠭᠡᠷ ᠢ ᠡᠪᠳᠡᠭᠰᠡᠨ ᠠᠰᠠᠭᠤᠳᠠᠯ ᠳᠤ ᠦᠪᠡᠷ ᠤᠨ ᠪᠠᠶᠢᠴᠠᠭᠠᠯᠳᠠ ᠬᠢᠵᠤ᠂ 152 ᠭᠡᠷᠡᠭ ᠢ ᠢᠯᠡᠷᠡᠬᠦᠯᠵᠤ᠂ 2.03 ᠲᠦᠮᠡᠨ ᠮᠦ ᠳᠤ ᠬᠤᠯᠪᠤᠭᠳᠠᠵᠠᠢ᠃ ᠤᠳᠤᠬᠠᠨ ᠪᠤᠯᠳᠠᠯ᠎ᠠ᠂ 73 ᠭᠡᠷᠡᠭ ᠤᠨ ᠨᠤᠳᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠰᠡᠷᠭᠦᠭᠡᠵᠤ᠂ ᠨᠤᠳᠤᠭ ᠪᠡᠯᠴᠢᠭᠡᠷ ᠢ ᠡᠵᠡᠯᠡᠨ ᠭᠡᠷᠡᠭᠯᠡᠬᠦ ᠬᠢᠨᠠᠨ ᠵᠦᠪᠰᠢᠶᠡᠷᠡᠬᠦ ᠭᠠᠷ ᠬᠦᠢᠴᠡᠳᠭᠡᠯ 38᠎ ᠶᠢ ᠬᠦᠢᠴᠡᠳᠭᠡᠵᠤ᠂ ᠦᠯᠡᠳᠡᠭᠰᠡᠨ ᠢ ᠨᠢ ᠶᠠᠭ ᠵᠠᠰᠠᠨ ᠰᠠᠶᠢᠵᠢᠷᠠᠭᠤᠯᠵᠤ ᠪᠠᠶᠢᠨ᠎ᠠ᠃         ᠮᠠᠨ ᠤ ᠠᠶᠢᠮᠠᠭ ᠶᠡᠷᠦᠩᠭᠡᠶᠢᠯᠡᠭᠰᠡᠨ ᠬᠢᠨᠠᠨ ᠬᠠᠮᠢᠶᠠᠷᠴᠦ ᠬᠠᠤᠯᠢ ᠭᠡᠷᠡᠭᠵᠢᠬᠦᠯᠬᠦ ᠲᠤᠭᠳᠠᠴᠠ ᠶᠢ ᠪᠠᠶᠢᠭᠤᠯᠵᠤ᠂ ︽ᠨᠤᠳᠤᠭ ᠪᠠᠯᠴᠢᠭᠡᠷ ᠤᠨ ᠠᠮᠢ ᠠᠬᠤᠢ ᠶᠢᠨ ᠤᠯᠠᠨ ᠰᠠᠯᠠᠭ᠎ᠠ ᠮᠦᠴᠢᠷ ᠬᠠᠮᠵᠢᠯᠴᠠᠨ ᠬᠤᠯᠪᠤᠭᠠᠯᠠᠵᠦ ᠶᠠᠷᠦᠩᠭᠡᠶᠢᠯᠡᠨ ᠬᠠᠤᠯᠢ ᠭᠡᠷᠡᠭᠵᠢᠬᠦᠯᠬᠦ ᠲᠤᠭᠳᠠᠴᠠ ᠶᠢ ᠪᠠᠶᠢᠭᠤᠯᠬᠤ ᠰᠠᠨᠠᠯ︾ ᠵᠡᠷᠭᠡ 21 ᠲᠦᠷᠢᠮ ᠲᠤᠭᠳᠠᠭᠠᠵᠤ᠂ ᠪᠦᠬᠦ ᠤᠷᠤᠨ ᠤ ᠠᠩᠬᠠᠳᠠᠭᠴᠢ ᠲᠤᠮᠤ ᠳ᠋ᠠᠶᠢᠲ᠋ᠠ ᠶᠢᠨ ᠠᠮᠢ ᠠᠬᠤᠢ ᠶᠢᠨ ᠬᠠᠮᠠᠭᠠᠯᠠᠯᠳᠠ ᠶᠢᠨ ᠰᠢᠰᠲᠧᠮ ᠤᠨ ᠲᠠᠪᠴᠠᠩ ᠢ ᠨᠡᠭᠡᠭᠡᠨ ᠡᠭᠦᠳᠴᠦ᠂ ᠨᠤᠳᠤᠭ ᠪᠠᠯᠴᠢᠭᠡᠷ ᠤᠨ ᠠᠮᠢ ᠠᠬᠤᠢ ᠶᠢᠨ ᠲᠤᠰᠬᠠᠢ ᠬᠠᠮᠢᠶᠠᠷᠤᠭᠴᠢ ᠶᠢᠨ ᠲᠦᠷᠢᠮ ᠢ ᠭᠡᠷᠡᠭᠵᠢᠬᠦᠯᠵᠤ᠂ ᠨᠤᠳᠤᠭ ᠪᠠᠯᠴᠢᠭᠡᠷ ᠤᠨ ᠬᠠᠮᠠᠭᠠᠯᠠᠯᠳᠠ ᠶᠢᠨ ᠤᠷᠳᠤ ᠬᠤᠭᠤᠴᠠᠭᠠᠨ ᠤ ᠬᠠᠮᠢᠶᠠᠷᠤᠯᠳᠠ ᠶᠢᠨ ᠲᠤᠭᠳᠠᠴᠠ ᠶᠢ ᠪᠤᠢ ᠪᠤᠯᠭᠠᠪᠠ᠃ ᠨᠤᠳᠤᠭ ᠪᠡᠯᠴᠢᠭᠡᠷ ᠡᠵᠡᠯᠡᠨ ᠭᠡᠷᠡᠭᠯᠡᠬᠦ ᠳᠤ ᠤᠷᠢᠳᠴᠢᠯᠡᠨ ᠬᠢᠨᠠᠬᠤ ᠲᠦᠷᠢᠮ ᠢ ᠪᠠᠶᠢᠭᠤᠯᠵᠤ᠂ ᠪᠤᠢ ᠪᠦᠬᠦᠢ ᠨᠤᠳᠤᠭ ᠪᠠᠯᠴᠢᠭᠡᠷ ᠢ ᠡᠵᠡᠯᠡᠨ ᠭᠡᠷᠡᠭᠯᠡᠬᠦ ᠲᠦᠷᠦᠯ ᠵᠦᠢᠯ ᠡᠷᠭᠡᠪᠰᠢ ᠤᠷᠢᠳᠴᠢᠯᠡᠨ ᠬᠢᠨᠠᠬᠤ ᠶᠠᠪᠤᠴᠠ ᠪᠠᠷ ᠳᠠᠮᠵᠢᠮᠡᠨᠵᠢᠨ ᠭᠠᠵᠠᠷ ᠰᠢᠷᠦᠢ ᠶᠢᠨ ᠤᠷᠴᠢᠨ ᠲᠤᠭᠤᠷᠢᠨ ᠤ ᠦᠨᠡᠯᠡᠯᠲᠡ ᠵᠡᠷᠭᠡ ᠭᠠᠷ ᠬᠦᠢᠴᠡᠳᠭᠡᠯ ᠢ ᠬᠢᠵᠤ ᠪᠤᠯᠤᠨ᠎ᠠ ᠃         2017 ᠤᠨ ᠳᠤ᠂ ᠮᠠᠨ ᠤ ᠠᠶᠢᠮᠠᠭ ᠤᠨ ᠮᠠᠯ ᠤᠨ ᠲᠤᠭ᠎ᠠ 1453.1 ᠲᠦᠮᠡ ᠬᠦᠷᠴᠤ᠂ ᠳᠡᠭᠡᠷ᠎ᠠ ᠵᠢᠯ ᠠᠴᠠ ᠪᠠᠨ 170.5 ᠲᠦᠮᠠ ᠬᠠᠰᠤᠬᠳᠠᠵᠦ᠂ ᠪᠠᠶᠢᠭᠠᠯᠢᠯᠢᠭ ᠨᠤᠳᠤᠭ ᠪᠡᠯᠴᠢᠭᠡᠷ ᠤᠨ ᠮᠠᠯ ᠤᠨ ᠲᠠᠭᠠᠭᠠᠴᠠ ᠶᠢᠨ ᠭᠡᠮᠵᠢᠶ᠎ᠠ ᠠᠩᠬ᠎ᠠ ᠤᠳᠠᠭ᠎ᠠ ᠰᠦᠭᠡᠷᠬᠦ ᠨᠡᠮᠡᠭᠲᠡᠵᠤ᠂ ᠪᠠᠶᠢᠭᠠᠯᠢᠯᠢᠭ ᠨᠤᠳᠤᠭ ᠪᠡᠯᠴᠢᠭᠡᠷ ᠠᠴᠠ ᠡᠪᠡᠰᠤ ᠬᠠᠳᠤᠬᠤ ᠳᠤ ᠨᠢᠭᠡᠳᠦᠯᠳᠠᠢ ᠲᠦᠷᠢᠮ ᠢ ᠭᠡᠷᠡᠭᠵᠢᠭᠦᠯᠪᠡ᠃ ᠡᠨᠡ ᠵᠢᠯ᠂ ᠮᠠᠨ ᠤ ᠠᠶᠢᠮᠠᠭ 1.6 ᠳ᠋ᠦᠩᠰᠢᠭᠤᠷ ᠲᠦᠬᠦᠷᠢᠭ ᠪᠡᠯᠡ ᠤᠷᠤᠭᠤᠯᠵᠤ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠢ ᠪᠦᠬᠦ ᠲᠠᠯ᠎ᠠ ᠪᠠᠷ ᠭᠡᠷᠡᠭᠵᠢᠬᠦᠯᠵᠤ᠂ ᠨᠤᠳᠤᠭ ᠪᠠᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠰᠢᠨᠵᠢᠯᠡᠬᠦ ᠤᠬᠠᠭᠠᠨᠴᠢ ᠪᠠᠷ ᠬᠠᠮᠠᠭᠠᠯᠠᠬᠤ ᠪᠤᠯᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号