2016 ᠤᠨ ᠳᠤ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ | ᠲᠤᠭᠤᠢᠢᠯᠠᠩ ᠠᠴᠠ ︽ᠮᠠᠨ ᠤ ᠠᠶᠢᠮᠠᠭ ᠤᠨ 12 ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠠᠭᠠᠭᠠᠴᠠ ᠶᠢᠨ | ᠨᠤᠷᠮ᠎ᠠ 60% ᠠᠴᠠ ᠲᠤᠷᠤᠭᠰᠢ ᠪᠠᠶᠢᠭ᠎ᠠ ᠨᠢ 8 ᠪᠠᠶᠢᠵᠦ᠂ ᠠᠪᠠᠭ᠎ᠠ ᠬᠤᠰᠢᠭᠤ ᠪᠠ ᠲᠠᠶᠢᠹᠦᠰᠧ ᠬᠤᠰᠢᠭᠤ ᠶᠢᠨ 5 | ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠪᠠᠷᠢᠮᠵᠢᠶᠡᠨ ᠠᠴᠠ ᠭᠡᠲᠦᠷᠡᠬᠦᠯᠦᠨ ᠭᠠᠳᠠᠭᠰᠢᠯᠠᠭᠤᠯᠤᠭᠰᠠᠨ︾ | ᠠᠰᠠᠭᠤᠳᠠᠯ ᠢ ᠲᠤᠰᠬᠠᠪᠠ᠃ ᠡᠬᠦᠨ ᠳᠤ ᠠᠶᠢᠮᠠᠭ ᠤᠨ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠤᠪᠴᠢᠶ᠎ᠠ ᠲᠤᠰᠬᠠᠢ ᠲᠦᠷᠦᠯ ᠤᠨ ᠤᠳᠤᠷᠢᠳᠬᠤ ᠲᠤᠭᠤᠢᠢᠯᠠᠩ ᠪᠠᠶᠢᠭᠤᠯᠵᠦ᠂ ︽ᠰᠢᠯᠢ ᠶᠢᠨ | ᠭᠤᠤᠯ ᠠᠶᠢᠮᠠᠭ ᠤᠨ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠴᠡᠭᠴᠡᠯᠡᠨ ᠰᠠᠶᠢᠵᠢᠷᠠᠭᠤᠯᠬᠤ ᠭᠡᠷᠡᠭᠵᠢᠬᠦᠯᠬᠦ | ᠲᠦᠰᠦᠯ︾ ᠢ ᠲᠤᠭᠳᠠᠭᠠᠵᠦ᠂ ᠵᠠᠰᠠᠨ ᠰᠠᠶᠢᠵᠢᠷᠠᠭᠤᠯᠬᠤ ᠡᠬᠦᠷᠭᠡ ᠶᠢ ᠪᠤᠳᠠᠳᠠᠢ ᠨᠠᠶᠢᠳᠠᠪᠤᠷᠢᠵᠢᠭᠤᠯᠪᠠ᠃ | ᠴᠡᠭᠴᠡᠯᠡᠨ ᠰᠠᠶᠢᠵᠢᠷᠠᠭᠤᠯᠬᠤ ᠪᠠᠷ ᠲᠠᠮᠵᠢᠭᠤᠯᠵᠦ᠂ ᠠᠪᠠᠭ᠎ᠠ ᠬᠤᠰᠢᠭᠤ᠂ ᠰᠢᠯᠤᠭᠤᠨ ᠬᠦᠪᠡᠭᠡᠲᠦ ᠴᠠᠭᠠᠨ | ᠬᠤᠰᠢᠭᠤ᠂ ᠰᠦᠨᠢᠳ ᠵᠡᠬᠦᠨ ᠬᠤᠰᠢᠭᠤ᠂ ᠰᠦᠨᠢᠳ ᠪᠠᠷᠠᠭᠤᠨ ᠬᠤᠰᠢᠭᠤᠨ ᠤ ᠪᠤᠬᠢᠷ ᠤᠰᠤ ᠰᠢᠢᠳᠪᠦᠷᠢᠯᠡᠬᠦ | ᠦᠶ᠋ᠯᠡᠳᠪᠦᠷᠢ ᠶᠢᠨ ᠲᠠᠭᠠᠭᠠᠴᠠ ᠶᠢᠨ ᠨᠤᠷᠮ᠎ᠠ 60% ᠬᠦᠷᠦᠭᠰᠡᠨ ᠦᠬᠡᠢ ᠦᠢᠯᠡᠳᠪᠦᠷᠢ ᠳᠤ ᠮᠡᠷᠭᠡᠵᠢᠯ ᠤᠨ | ᠰᠢᠨᠡᠴᠢᠯᠡᠯᠲᠡ᠂ ᠲᠤᠨᠤᠭ ᠲᠦᠭᠦᠬᠡᠷᠦᠮᠵᠢ ᠶᠢ ᠰᠡᠯᠪᠢᠨ ᠵᠠᠰᠠᠬᠤ ᠵᠡᠷᠭᠡ ᠪᠠᠷ ᠲᠠᠮᠵᠢᠭᠤᠯᠵᠦ᠂ ᠵᠠᠰᠠᠨ ᠰᠠᠶᠢᠵᠢᠷᠠᠭᠤᠯᠬᠤ | ᠡᠭᠦᠷᠭᠡ ᠪᠠᠨ ᠪᠡᠶᠡᠯᠡᠬᠦᠯᠵᠦ᠂ ᠲᠠᠶᠢᠹᠦᠰᠧ ᠬᠤᠰᠢᠭᠤ᠂ ᠰᠢᠯᠤᠭᠤᠨ ᠬᠦᠬᠡ ᠬᠤᠰᠢᠭᠤ᠂ ᠲᠤᠯᠤᠨ ᠨᠤᠤᠷ ᠰᠢᠶᠠᠨ | ᠵᠠᠰᠠᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠦᠷᠨᠢᠬᠦᠯᠵᠦ ᠪᠤᠢ᠃ | ᠲᠠᠶᠢᠹᠦᠰᠧ ᠬᠤᠰᠢᠭᠤ ᠪᠠ ᠵᠡᠬᠦᠨ ᠦᠵᠦᠮᠦᠴᠢᠨ ᠬᠤᠰᠢᠭᠤᠨ ᠤ ᠪᠤᠬᠢᠷ ᠤᠰᠤ ᠰᠢᠢᠳᠪᠤᠷᠢᠯᠡᠬᠦ ᠦᠢᠯᠡᠳᠪᠤᠷᠢ | ᠬᠠᠭᠤᠴᠢᠨ ᠲᠤᠨᠤᠭ ᠲᠦᠬᠦᠭᠡᠷᠦᠮᠵᠢ ᠪᠠᠨ ᠰᠤᠯᠢᠵᠦ᠂ ᠠᠪᠠᠭ᠎ᠠ ᠬᠤᠰᠢᠭᠤᠨ ᠤ ᠪᠤᠬᠢᠷ ᠤᠰᠤ ᠰᠢᠢᠳᠪᠤᠷᠢᠯᠡᠬᠦ | ᠦᠢᠯᠡᠳᠪᠤᠷᠢ ᠪᠤᠬᠢᠷ ᠤᠰᠤ ᠶᠢ ᠰᠢᠢᠳᠪᠤᠷᠢᠯᠡᠬᠦ ᠮᠡᠷᠭᠡᠵᠢᠯ ᠢᠶᠠᠨ ᠰᠠᠶᠢᠵᠢᠷᠠᠭᠤᠯᠵᠦ᠂ ᠪᠠᠷᠠᠭᠤᠨ ᠦᠵᠦᠮᠦᠴᠢᠨ | ᠬᠤᠰᠢᠭᠤ ᠬᠦᠨᠵᠡᠭᠡᠢ ᠰᠢᠢᠳᠪᠤᠷᠢᠯᠡᠬᠦ ᠲᠠᠰᠤᠭ ᠪᠠᠶᠢᠭᠤᠯᠵᠦ᠂ ᠰᠢᠯᠢ ᠶᠢᠨ ᠬᠤᠳᠠ ᠪᠠᠷᠢᠮᠵᠢᠶ᠎ᠠ ᠪᠠᠨ ᠲᠡᠭᠡᠭᠰᠢᠯᠡᠬᠦᠯᠦᠨ | ᠦᠭᠡᠷᠡᠴᠢᠯᠡᠨ ᠰᠠᠶᠢᠵᠢᠷᠠᠭᠤᠯᠵᠦ᠂ 5 ᠪᠤᠬᠢᠷ ᠤᠰᠤ ᠰᠢᠢᠳᠪᠤᠷᠢᠯᠡᠬᠦ ᠦᠢᠯᠡᠳᠪᠤᠷᠢ ᠶᠢᠨ ᠪᠠᠷᠢᠮᠵᠢᠶᠡᠨ ᠠᠴᠠ | ᠬᠡᠲᠦᠷᠡᠭᠦᠯᠦᠨ ᠭᠠᠳᠠᠭᠰᠢᠯᠠᠭᠤᠯᠤᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠪᠠᠷᠢᠮᠵᠢᠶᠠᠨ ᠳᠤ ᠬᠦᠷᠭᠡᠪᠡ᠃ | ᠤᠳᠤᠬᠠᠨ ᠳᠤ᠂ ᠮᠠᠨ ᠤ ᠠᠶᠢᠮᠠᠭ ᠤᠨ 6 ᠲᠤᠮᠳᠠ ᠤᠰᠤ ᠶᠢᠨ ᠦᠢᠯᠡᠳᠪᠤᠷᠢ ᠲᠤᠭᠳᠠᠭᠤᠨ ᠢᠶᠠᠷ ᠡᠷᠬᠢᠯᠳᠤᠵᠤ | ᠂ ᠲᠤᠯᠤᠨ ᠨᠤᠤᠷ ᠰᠢᠶᠠᠨ ᠤ 1 ᠦᠢᠯᠡᠳᠪᠤᠷᠢ ᠲᠤᠷᠰᠢᠨ ᠠᠵᠢᠯᠯᠠᠵᠤ᠂ 5 ᠦᠢᠯᠡᠳᠪᠤᠷᠢ ᠶᠢ ᠶᠠᠭ ᠪᠠᠶᠢᠭᠤᠯᠵᠤ | ᠪᠠᠶᠢᠨ᠎ᠠ᠃ |