ᠮᠠᠨ ᠤ ᠠᠶᠢᠮᠠᠭ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳᠠᠬᠢ ᠦᠢᠯᠡᠳᠪᠦᠷᠢ ᠠᠭᠤᠷᠬᠠᠢ ᠶᠢ ᠴᠡᠭᠴᠡᠯᠡᠬᠦ ᠠᠵᠢᠯ ᠳᠤᠪᠤᠶᠢᠮ᠎ᠠ ᠦᠷ᠎ᠠ ᠪᠦᠳᠦᠮᠵᠢ ᠤᠯᠪᠠ
ᠨᠡᠶᠢᠲᠡᠯᠡᠭᠰᠡᠨ ᠴᠠᠭ᠄
2018/6/21
    ᠮᠠᠨ ᠤ ᠠᠶᠢᠮᠠᠭ ᠪᠦᠬᠦ ᠠᠶᠢᠮᠠᠭ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳᠠᠬᠢ ᠦᠢᠯᠡᠳᠪᠦᠷᠢ ᠠᠭᠤᠷᠬᠠᠢ ᠶᠢᠨ ᠠᠵᠦ ᠠᠬᠤᠢᠢᠯᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠬᠦᠯᠵᠢᠯᠡᠨ ᠴᠢᠩᠭᠠᠳᠬᠠᠵᠦ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠡ ᠶᠢᠨ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠲᠤᠰᠬᠠᠬᠰᠠᠨ ᠰᠢᠯᠢ ᠶᠢᠨ ᠭᠤᠤᠯ ᠤᠨ ᠲᠠᠯ᠎ᠠ ᠨᠤᠲᠤᠭ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳᠠᠬᠢ 7 ᠠᠭᠤᠷᠬᠠᠢ ᠮᠠᠯᠳᠠᠬᠤ ᠡᠷᠭᠡ ᠪᠠ ᠤᠯᠠᠭᠠᠢ ᠶᠢᠨ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳᠠᠬᠢ 36 ᠠᠭᠤᠷᠬᠠᠢ ᠬᠠᠶᠢᠬᠤ ᠡᠷᠭᠡ ᠶᠢ ᠴᠡᠭᠴᠡᠯᠡᠬᠦ ᠠᠵᠢᠯ ᠢ ᠰᠠᠶᠢᠲᠤᠷ ᠨᠠᠶᠢᠳᠠᠪᠤᠷᠢᠵᠢᠭᠤᠯᠪᠠ᠃         ᠮᠠᠨ ᠤ ᠠᠶᠢᠮᠠᠭ ︽ᠰᠢᠯᠢ ᠶᠢᠨ ᠭᠤᠤᠯ ᠠᠶᠢᠮᠠᠭ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳᠠᠬᠢ ᠬᠠᠤᠯᠢ ᠠᠴᠠ ᠵᠦᠷᠢᠴᠡᠭᠰᠡᠨ ᠦᠢᠯᠡᠳᠪᠦᠷᠢ ᠠᠭᠤᠷᠬᠠᠢ ᠶᠢᠨ ᠠᠵᠦ ᠠᠬᠤᠢᠢᠯᠠᠯ ᠢ ᠲᠤᠰᠬᠠᠢ ᠲᠦᠷᠦᠯ ᠢᠶᠠᠷ ᠴᠡᠭᠴᠡᠯᠠᠬᠦ ᠲᠦᠰᠦᠯ︾ ᠢ ᠭᠡᠷᠡᠭᠵᠢᠬᠦᠯᠵᠦ᠂ ᠬᠠᠤᠯᠢ ᠠᠴᠠ ᠵᠦᠷᠢᠴᠡᠭᠰᠡᠨ ᠠᠵᠦ ᠠᠬᠤᠢᠢᠯᠠᠯ ᠢ ᠬᠠᠤᠯᠢ ᠶᠤᠰᠤᠭᠠᠷ ᠰᠢᠢᠳᠪᠦᠷᠢᠯᠡᠪᠡ᠃ ︽ᠰᠢᠯᠢ ᠶᠢᠨ ᠭᠤᠤᠯ ᠤᠨ ᠲᠠᠯ᠎ᠠ ᠨᠤᠲᠤᠭ ᠤᠨ ᠤᠯᠤᠰ ᠤᠨ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠤ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠢ ᠰᠡᠷᠬᠦᠬᠡᠨ ᠵᠠᠰᠠᠯᠲᠠ ᠬᠢᠬᠦ ᠲᠦᠷᠦᠯ ᠵᠦᠢᠯ ᠤᠨ ᠲᠦᠰᠦᠯ︾ ᠢ ᠨᠠᠶᠢᠷᠠᠭᠤᠯᠤᠨ ᠲᠤᠭᠳᠠᠭᠠᠵᠦ᠂ ᠠᠮᠢ ᠠᠬᠤᠢ ᠤᠷᠴᠢᠨ ᠲᠤᠭᠤᠷᠢᠨ ᠤ ᠵᠠᠰᠠᠯᠲᠠ ᠶᠢᠨ ᠠᠵᠢᠯ ᠢ ᠠᠬᠢᠭᠤᠯᠪᠠ᠃ ᠪᠠᠶᠢᠭᠠᠯᠢ ᠶᠢᠨ ᠬᠠᠮᠠᠭᠠᠯᠠᠯᠲᠠ ᠶᠢᠨ ᠤᠷᠤᠨ ᠳᠤ ᠲᠤᠰᠬᠠᠢ ᠲᠦᠷᠦᠯ ᠢᠶᠠᠷ ᠴᠡᠭᠴᠡᠯᠡᠵᠦ ︽ᠡᠷᠬᠢᠨ ᠬᠠᠷᠠᠬᠤ︾ ᠠᠵᠢᠯᠯᠠᠭ᠎ᠠ ᠦᠷᠨᠢᠬᠦᠯᠵᠦ᠂ ᠰᠢᠯᠢ ᠶᠢᠨ ᠬᠤᠲᠠ᠂ ᠠᠪᠠᠭ᠎ᠠ ᠬᠤᠰᠢᠭᠤ᠂ ᠰᠦᠨᠢᠳ ᠪᠠᠷᠠᠭᠤᠨ ᠬᠤᠰᠢᠭᠤ᠂ ᠪᠠᠷᠠᠭᠤᠨ ᠦᠵᠦᠮᠦᠴᠢᠨ ᠬᠤᠰᠢᠭᠤ᠂ ᠵᠡᠬᠦᠨ ᠦᠵᠦᠮᠦᠴᠢᠨ ᠬᠤᠰᠢᠭᠤ ᠵᠢᠴᠢ ᠤᠯᠠᠭᠠᠢ ᠬᠠᠮᠢᠶᠠᠷᠤᠯᠳᠠ ᠶᠢᠨ ᠤᠷᠤᠨ ᠳᠤ ᠲᠤᠰᠬᠠᠢ ᠲᠦᠷᠦᠯ ᠤᠨ ᠬᠢᠨᠠᠨ ᠪᠠᠶᠢᠴᠠᠭᠠᠯᠲᠠ ᠦᠷᠨᠢᠬᠦᠯᠵᠦ᠂ ᠢᠯᠡᠷᠡᠬᠦᠯᠦᠭᠰᠡᠨ ᠠᠰᠠᠭᠤᠳᠠᠯ ᠢ ᠲᠠᠷᠤᠢ ᠲᠦᠷᠭᠡᠨ ᠬᠢᠨᠠᠨ ᠪᠠᠶᠢᠴᠠᠭᠠᠵᠦ᠂ ᠦᠢᠯᠡᠳᠪᠦᠷᠢ ᠠᠭᠤᠷᠬᠠᠢ ᠶᠢᠨ ᠠᠵᠦ ᠠᠬᠤᠢᠢᠯᠠᠯ ᠢ ᠬᠠᠮᠠᠭᠠᠯᠠᠯᠲᠠ ᠶᠢᠨ ᠤᠷᠤᠨ ᠠᠴᠠ ᠴᠡᠪᠡᠷᠯᠡᠨ ᠭᠠᠷᠭᠠᠬᠤ ᠠᠵᠢᠯ ᠢ ᠠᠬᠢᠭᠤᠯᠪᠠ᠃         ᠬᠠᠤᠯᠢ ᠭᠡᠷᠡᠭᠵᠢᠬᠦᠯᠦᠯᠲᠡ ᠶᠢᠨ ᠡᠷᠴᠢᠮ ᠢᠶᠠᠨ ᠴᠢᠩᠭᠠᠷᠠᠭᠤᠯᠵᠤ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠳᠠᠬᠢ ᠦᠢᠯᠡᠳᠪᠤᠷᠢ ᠠᠭᠤᠷᠬᠠᠢ ᠶᠢᠨ ᠠᠵᠤ ᠠᠬᠤᠢᠢᠯᠠᠯ ᠤᠨ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠤ ᠵᠠᠰᠠᠯᠳᠠ ᠶᠢᠨ ᠠᠵᠢᠯ ᠢ ᠦᠷᠨᠢᠬᠦᠯᠵᠤ᠂ 6 ᠰᠠᠷ᠎ᠠ ᠶᠢᠨ 5 ᠤ ᠡᠳᠦᠷ ᠪᠤᠯᠳᠠᠯ᠎ᠠ᠂ 628 ᠳᠠᠰᠤᠯᠭ᠎ᠠ ᠭᠡᠷ ᠪᠠᠶᠢᠰᠢᠩ ᠢ ᠨᠤᠷᠠᠭᠠᠵᠤ᠂ 55 ᠦᠢᠯᠡᠳᠪᠤᠷᠢ ᠶᠢᠨ ᠲᠤᠨᠤᠭ ᠲᠦᠬᠦᠭᠡᠷᠦᠮᠵᠢ ᠶᠢ ᠴᠡᠪᠡᠷᠯᠡᠨ ᠠᠷᠢᠯᠭᠠᠵᠤ᠂ 8 ᠠᠭᠤᠷᠬᠠᠢ ᠶᠢᠨ ᠬᠤᠳᠳᠤᠭ ᠢ ᠪᠤᠯᠠᠪᠠ᠃         ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠶᠢᠨ ᠬᠠᠷᠢᠭᠤ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠤᠰᠤᠭᠠᠷ᠂ ᠪᠦᠬᠦ ᠠᠶᠢᠮᠠᠭ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠳᠠᠬᠢ ᠦᠢᠯᠡᠳᠪᠤᠷᠢ ᠠᠭᠤᠷᠬᠠᠢ ᠶᠢᠨ ᠠᠵᠤ ᠠᠬᠤᠢᠢᠯᠠᠯ ᠢ ᠪᠦᠬᠦᠨ ᠢ ᠵᠤᠭᠰᠤᠭᠠᠵᠤ᠂ ᠤᠳᠤᠬᠠᠨ ᠪᠤᠯᠳᠠᠯ᠎ᠠ ᠨᠡᠶᠢᠲᠡ 1614.94 ᠲᠦᠮᠡᠨ ᠲᠦᠬᠦᠷᠢᠭ ᠪᠡᠯᠡ ᠤᠷᠤᠭᠤᠯᠵᠤ᠂ 47.78 ᠾᠧᠺᠲ᠋ᠠᠷ ᠭᠠᠵᠠᠷ ᠢ ᠵᠠᠰᠠᠨ ᠰᠡᠷᠬᠦᠭᠡᠵᠡᠢ᠃ 7 ᠠᠭᠤᠷᠬᠠᠢ ᠶᠢ ᠪᠦᠬᠦᠨ ᠢ ᠵᠤᠭᠰᠤᠭᠠᠵᠤ᠂ 36 ᠠᠭᠤᠷᠬᠠᠢ ᠬᠠᠶᠢᠬᠤ ᠡᠷᠭᠡ ᠶᠢᠨ 17 ᠨᠢ ᠨᠢᠭᠡᠨᠲᠡ ᠤᠬᠤᠷᠢᠨ ᠭᠠᠷᠴᠤ᠂ 19 ᠨᠢ ᠶᠠᠭ ᠡᠮᠬᠢ ᠵᠢᠷᠤᠮ ᠲᠠᠢ ᠤᠬᠤᠷᠢᠨ ᠭᠠᠷᠴᠤ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号