6 ᠰᠠᠷ᠎ᠠ ᠶᠢᠨ 11 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ | ᠾᠦᠸᠧ ᠵᠤᠤ ᠯᠢᠶᠠᠩ ᠠᠪᠠᠭ᠎ᠠ ᠬᠤᠰᠢᠭᠤ᠂ ᠰᠦᠨᠢᠳ ᠵᠡᠬᠦᠨ ᠬᠤᠰᠢᠭᠤ ᠪᠠᠷ ᠬᠦᠨᠵᠡᠬᠡᠶᠢᠷᠡᠨ᠂ ᠲᠦᠪ ᠤᠨ ᠤᠷᠴᠢᠨ | ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠳᠡ ᠳᠤ ᠲᠤᠰᠬᠠᠬᠰᠠᠨ ᠠᠰᠠᠭᠤᠳᠠᠯ ᠢ ᠵᠠᠰᠠᠨ | ᠰᠠᠶᠢᠵᠢᠷᠠᠭᠤᠯᠬᠤ ᠠᠵᠢᠯ ᠢ ᠠᠬᠤᠢ ᠲᠠᠯᠠᠪᠠᠢ ᠳᠤ ᠱᠠᠯᠠᠪᠳᠠᠭᠤᠯᠤᠨ ᠪᠠᠶᠢᠴᠠᠭᠠᠪᠠ᠃ ᠲᠡᠷᠡ ᠴᠢᠬᠤᠯᠠᠴᠢᠯᠠᠬᠤ ᠳᠠᠭᠠᠨ᠂ | ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠠ ᠪᠦᠬᠦ ᠤᠯᠤᠰ ᠤᠨ ᠠᠮᠢ ᠠᠬᠤᠢ ᠤᠷᠴᠢᠨ | ᠲᠤᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠵᠦ᠂ | ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠪᠠ ᠤᠷᠴᠢᠨ | ᠲᠤᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠦ᠂ ᠲᠦᠪ ᠤᠨ ᠤᠷᠴᠢᠨ | ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠳᠡ ᠳᠤ ᠲᠤᠰᠬᠠᠬᠰᠠᠨ ᠠᠰᠠᠭᠤᠳᠠᠯ ᠢ ᠵᠠᠰᠠᠨ | ᠰᠠᠶᠢᠵᠢᠷᠠᠭᠤᠯᠬᠤ ᠠᠵᠢᠯ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠬᠡᠪᠡ᠃ | ᠾᠦᠸᠧ ᠵᠤᠤ ᠯᠢᠶᠠᠩ ᠠᠪᠠᠭ᠎ᠠ ᠬᠤᠰᠢᠭᠤ᠂ ᠰᠦᠨᠢᠳ ᠵᠡᠬᠦᠨ ᠬᠤᠰᠢᠭᠤᠨ ᠤ ᠪᠤᠬᠢᠷ ᠤᠰᠤ ᠰᠢᠢᠳᠪᠦᠷᠢᠯᠡᠬᠦ | ᠦᠢᠯᠡᠳᠪᠦᠷᠢ ᠵᠢᠴᠢ ᠲᠤᠮᠳᠠ ᠤᠰᠤ ᠶᠢ ᠠᠰᠢᠭᠯᠠᠬᠤ ᠢᠨᠵᠧᠨᠧᠷᠢᠩ ᠤᠨ ᠠᠬᠤᠢ ᠲᠠᠯᠠᠪᠠᠢ ᠳᠤ ᠪᠠᠶᠢᠳᠠᠯ | ᠤᠢᠢᠯᠠᠭᠠᠬᠤ ᠳᠠᠭᠠᠨ᠂ ᠪᠤᠬᠢᠷ ᠤᠰᠤ ᠰᠢᠢᠳᠪᠦᠷᠢᠯᠡᠬᠦ ᠠᠵᠢᠯ ᠢ ᠲᠡᠭᠡᠲᠤ ᠬᠡᠮᠵᠢᠶ᠎ᠡ ᠪᠠᠷ ᠴᠢᠬᠤᠯᠠᠴᠢᠯᠠᠵᠦ᠂ ᠤᠷᠲᠤ | ᠬᠤᠭᠤᠴᠠᠭᠠᠨ ᠤ ᠲᠤᠭᠳᠠᠴᠠ ᠶᠢ ᠪᠠᠶᠢᠭᠤᠯᠵᠦ᠂ ᠪᠤᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠡᠷᠬᠢᠯᠲᠠ ᠵᠢᠴᠢ | ᠲᠤᠮᠳᠠ ᠤᠰᠤ ᠶᠢ ᠠᠰᠢᠭᠯᠠᠬᠤ ᠨᠤᠷᠮ᠎ᠠ ᠶᠢ ᠲᠡᠭᠡᠭᠰᠢᠯᠡᠬᠦᠯᠵᠦ᠂ ᠪᠤᠬᠢᠷ ᠤᠰᠤ ᠰᠢᠢᠳᠪᠦᠷᠢᠯᠡᠬᠦ ᠰᠢᠰᠲᠧᠮ ᠤᠨ | ᠲᠤᠭᠳᠠᠭᠤᠨ ᠡᠷᠬᠢᠯᠲᠡ ᠪᠡ ᠭᠠᠳᠠᠭᠰᠢᠯᠠᠭᠤᠯᠤᠭᠰᠠᠨ ᠪᠤᠳᠠᠰ ᠢ ᠪᠠᠷᠢᠮᠵᠢᠶᠠᠨ ᠳᠤ ᠬᠦᠷᠭᠡᠬᠦ ᠶᠢ ᠪᠠᠲᠤᠯᠠᠵᠦ᠂ ᠲᠤᠮᠳᠠ | ᠤᠰᠤ ᠶᠢ ᠬᠠᠮᠤᠭ ᠶᠡᠭᠡ ᠬᠡᠮᠵᠢᠶ᠎ᠡ ᠪᠠᠷ ᠲᠠᠬᠢᠨ ᠠᠰᠢᠭᠯᠠᠬᠤ ᠭᠡᠷᠡᠭᠲᠡᠢ ᠬᠡᠵᠦ ᠴᠢᠬᠤᠯᠠᠴᠢᠯᠠᠪᠠ᠃ | ᠾᠦᠸᠧ ᠵᠤᠤ ᠯᠢᠶᠠᠩ ᠵᠢᠭᠠᠬᠤ ᠳᠠᠭᠠᠨ᠂ ᠡᠯ᠎ᠠ ᠭᠠᠵᠠᠷ ᠡᠯ᠎ᠠ ᠰᠠᠯᠠᠭ᠎ᠠ ᠮᠥᠴᠢᠷ ᠤᠯᠤᠰ ᠲᠦᠷᠦ ᠶᠢᠨ | ᠵᠤᠭᠰᠤᠴᠠ ᠪᠠᠨ ᠲᠡᠭᠡᠭᠰᠢᠯᠡᠬᠦᠯᠵᠦ᠂ ᠱᠠᠯᠠᠪᠳᠠᠭᠤᠯᠤᠨ ᠪᠠᠶᠢᠴᠠᠭᠠᠯᠲᠠ ᠶᠢ ᠰᠠᠨᠠᠭᠠᠴᠢᠯᠠᠭᠠᠳᠠᠢ ᠪᠠᠷ ᠬᠦᠯᠢᠶᠡᠨ ᠠᠪᠴᠦ᠂ | ᠦᠵᠡᠯᠳᠡ ᠲᠠᠨᠢᠯᠲᠠ ᠪᠠᠨ ᠲᠡᠭᠡᠭᠰᠢᠯᠡᠬᠦᠯᠵᠦ᠂ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠦ᠂ ᠠᠵᠢᠯ ᠢᠶᠠᠨ | ᠨᠠᠩ ᠰᠠᠶᠢᠨ ᠬᠢᠬᠦ ᠬᠡᠷᠡᠭᠲᠡᠢ᠃ ᠡᠯ᠎ᠠ ᠭᠠᠵᠠᠷ ᠤᠨ ᠬᠢᠨ ᠲᠤᠰ ᠤᠳᠠᠭᠠᠨ ᠤ ︽ᠡᠷᠬᠢᠨ ᠬᠠᠷᠠᠬᠤ︾ ᠠᠵᠢᠯᠯᠠᠭ᠎ᠠ ᠪᠠᠷ | ᠲᠤᠬᠢᠶᠠᠯ ᠪᠤᠯᠭᠠᠵᠦ᠂ ᠠᠮᠢ ᠠᠬᠤᠢ ᠤᠷᠴᠢᠨ ᠲᠤᠭᠤᠷᠢᠨ ᠤ ᠠᠰᠠᠭᠤᠳᠠᠯ ᠢ ᠲᠠᠬᠢᠨᠳᠠ ᠪᠠᠶᠢᠴᠠᠭᠠᠨ ᠰᠢᠢᠳᠪᠦᠷᠢᠯᠡᠵᠦ᠂ | ᠵᠠᠰᠠᠨ ᠰᠠᠶᠢᠵᠢᠷᠠᠭᠤᠯᠬᠤ ᠠᠵᠢᠯ ᠤᠨ ᠦᠷ᠎ᠡ ᠪᠦᠲᠦᠮᠵᠢ ᠶᠢ ᠪᠠᠲᠤᠳᠬᠠᠬᠤ ᠭᠡᠷᠡᠭᠲᠡᠢ᠃ ᠠᠮᠢ ᠠᠬᠤᠢ ᠤᠷᠴᠢᠨ | ᠲᠤᠭᠤᠷᠢᠨ ᠤ ᠬᠠᠮᠠᠭᠠᠯᠠᠯᠲᠠ ᠶᠢᠨ ᠠᠵᠢᠯ ᠤᠨ ᠲᠤᠭᠳᠠᠴᠠ ᠪᠠᠶᠢᠭᠤᠯᠤᠮᠵᠢ ᠶᠢ ᠪᠦᠷᠢᠨᠰᠢᠬᠦᠯᠵᠦ᠂ ᠠᠮᠢ ᠠᠬᠤᠢ | ᠤᠷᠴᠢᠨ ᠲᠤᠭᠤᠷᠢᠨ ᠤ ᠬᠢᠨᠠᠯᠲᠠ ᠬᠠᠮᠢᠶᠠᠷᠤᠯᠳᠠ ᠪᠠ ᠠᠰᠠᠭᠤᠳᠠᠯ ᠢ ᠵᠠᠰᠠᠨ ᠰᠠᠶᠢᠵᠢᠷᠠᠭᠤᠯᠬᠤ ᠶᠢ ᠪᠠᠶᠢᠩᠭᠤᠵᠢᠭᠤᠯᠬᠤ | ᠬᠡᠷᠡᠭᠲᠡᠢ ᠭᠡᠪᠡ᠃ | ᠬᠢᠨᠠᠨ ᠪᠠᠶᠢᠴᠠᠭᠠᠬᠤ ᠬᠤᠭᠤᠴᠠᠭᠠᠨ ᠳᠤ᠂ ᠾᠦᠸᠧ ᠵᠤᠤ ᠯᠢᠶᠠᠩ ᠪᠠᠰᠠ ᠠᠵᠦ ᠦᠢᠯᠡᠰ ᠢᠶᠠᠷ ᠶᠠᠳᠠᠭᠤ ᠶᠢ | ᠳᠡᠳᠬᠦᠬᠦ᠂ ᠮᠠᠯᠴᠢᠳ ᠪᠠ ᠠᠵᠦ ᠠᠬᠤᠢᠢᠯᠠᠯ ᠤᠨ ᠠᠰᠢᠭ ᠲᠤᠰᠠ ᠶᠢᠨ ᠬᠤᠯᠪᠤᠭᠠᠲᠤ ᠲᠤᠭᠳᠠᠴᠠ ᠶᠢ ᠪᠠᠶᠢᠭᠤᠯᠬᠤ | ᠵᠡᠷᠭᠡ ᠠᠵᠢᠯ ᠢ ᠪᠠᠶᠢᠴᠠᠭᠠᠨ ᠰᠤᠳᠤᠯᠵᠦ ᠵᠢᠭᠠᠨ ᠵᠢᠯᠤᠭᠤᠳᠴᠠᠢ᠃ | ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠠᠶᠢᠮᠠᠭ ᠤᠨ ᠳᠡᠳ᠋ ᠳᠠᠷᠤᠭ᠎ᠠ ᠶᠠᠩ ᠸᠧᠨ ᠱᠧᠩ᠂ | ᠠᠶᠢᠮᠠᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ᠂ | ᠰᠦᠨᠢᠳ ᠵᠡᠬᠦᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠰᠢᠩ ᠸᠧᠨ ᠹᠧᠩ ᠵᠢᠴᠢ ᠬᠠᠮᠢᠶ᠎ᠠ ᠪᠦᠬᠦᠢ | ᠬᠠᠷᠢᠭᠤᠴᠠᠯᠭᠠᠳᠠᠨ ᠪᠡᠷ᠎ᠡ ᠪᠤᠯᠪᠠ᠃ |