ᠮᠠᠨ ᠤ ᠠᠶᠢᠮᠠᠭ ᠨᠤᠳᠤᠭ ᠪᠠᠯᠴᠢᠭᠡᠷ ᠢ ᠡᠪᠳᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠦᠬᠦ | ᠠᠶᠢᠮᠠᠭ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠲᠤᠰᠬᠠᠢ ᠲᠦᠷᠦᠯ ᠢᠶᠠᠷ | ᠴᠡᠭᠴᠡᠯᠡᠬᠦ ᠠᠭᠤᠯᠭ᠎ᠠ ᠳᠤ ᠤᠷᠤᠭᠤᠯᠵᠤ᠂ ᠨᠤᠳᠤᠭ ᠪᠡᠯᠴᠢᠭᠡᠷ ᠢ ᠡᠪᠳᠡᠭᠰᠡᠨ ᠭᠡᠷᠡᠭ ᠢ ᠴᠡᠭᠴᠡᠯᠡᠨ ᠰᠠᠶᠢᠵᠢᠷᠠᠭᠤᠯᠬᠤ | ᠠᠵᠢᠯ ᠤᠨ ᠭᠡᠷᠡᠭᠵᠢᠬᠦᠯᠬᠦ ᠲᠦᠰᠦᠯ ᠢ ᠲᠤᠭᠳᠠᠭᠠᠨ ᠭᠡᠷᠡᠭᠵᠢᠬᠦᠯᠵᠦ᠂ ᠲᠦᠪ ᠤᠨ ᠤᠷᠴᠢᠨ ᠲᠤᠭᠤᠷᠢᠨ ᠤ | ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢᠨ ᠲᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠠᠵᠢᠯ ᠢ ᠦᠷᠨᠢᠬᠦᠯᠦᠭᠰᠡᠨ ᠠᠴᠠ ᠨᠠᠰᠢ᠂ ᠨᠡᠶᠢᠲᠡ 7 ᠤᠳᠠᠭᠠᠨ ᠤ ᠬᠢᠨᠠᠨ ᠵᠢᠯᠤᠭᠤᠳᠤᠯᠭ᠎ᠠ ᠦᠷᠨᠢᠬᠦᠯᠵᠤ᠂ 6 | ᠲᠦᠷᠦᠯ ᠢ ᠫᠠᠶᠢᠰᠠ ᠡᠯᠬᠦᠨ ᠱᠠᠯᠠᠪᠳᠠᠭᠤᠯᠤᠨ ᠨᠠᠶᠢᠳᠠᠪᠤᠷᠢᠵᠢᠭᠤᠯᠵᠦ᠂ 12 ᠬᠤᠰᠢᠭᠤ ᠰᠢᠶᠠᠨ ᠬᠤᠳᠠ ︵ᠤᠷᠤᠨ︶ | ᠶᠢᠨ ᠠᠮᠢ ᠠᠬᠤᠢ ᠶᠢᠨ ᠬᠠᠮᠠᠭᠠᠯᠠᠯᠳᠠ ᠶᠢᠨ ᠲᠤᠪᠴᠢᠶᠠᠨ ᠤ ᠬᠠᠷᠢᠭᠤᠴᠠᠯᠭᠠᠳᠠᠨ ᠲᠠᠢ ᠪᠤᠯᠵᠤᠨ ᠶᠠᠷᠢᠯᠴᠠᠵᠤ᠂ | ᠴᠡᠭᠴᠡᠯᠡᠨ ᠰᠠᠶᠢᠵᠢᠷᠠᠭᠤᠯᠬᠤ ᠠᠵᠢᠯ ᠢ ᠠᠬᠢᠭᠤᠯᠪᠠ᠃ | ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠯᠳᠠ ᠳᠤ ᠲᠤᠰᠬᠠᠬᠰᠠᠨ | ᠰᠠᠨᠠᠯ ᠢ ᠦᠨᠳᠤᠰᠤᠯᠠᠪᠠᠯ᠂ 2010 ᠤᠨ ᠠᠴᠠ 2015 ᠤᠨ ᠪᠤᠯᠳᠠᠯ᠎ᠠ ᠮᠠᠨ ᠤ ᠠᠶᠢᠮᠠᠭ ᠤᠨ ᠨᠤᠳᠤᠭ | ᠪᠡᠯᠴᠢᠭᠡᠷ ᠤᠨ ᠡᠪᠳᠡᠭᠳᠡᠭᠰᠡᠨ ᠲᠠᠯᠠᠪᠠᠢ 4.6 ᠲᠦᠮᠡᠨ ᠮᠦ ᠬᠦᠷᠴᠤ᠂ 501 ᠭᠡᠷᠡᠭ ᠲᠤ ᠬᠤᠯᠪᠤᠭᠳᠠᠵᠠᠢ᠃ | ᠤᠳᠤᠬᠠᠨ ᠪᠤᠯᠳᠠᠯ᠎ᠠ᠂ 501 ᠭᠡᠷᠡᠭ ᠠᠴᠠ 449 ᠭᠡᠷᠡᠭ ᠲᠤ ᠬᠤᠯᠪᠤᠬᠳᠠᠬᠰᠠᠨ ᠭᠠᠵᠠᠷ ᠤᠨ ᠤᠷᠭᠤᠮᠠᠯ ᠤᠨ | ᠪᠦᠷᠬᠦᠴᠡ ᠶᠢ ᠰᠡᠷᠬᠦᠭᠡᠵᠤ᠂ ᠨᠤᠳᠤᠭ ᠪᠡᠯᠴᠢᠭᠡᠷ ᠢ ᠡᠵᠡᠯᠡᠨ ᠭᠡᠷᠡᠭᠯᠡᠬᠦ ᠬᠢᠨᠠᠨ ᠵᠦᠪᠰᠢᠶᠡᠷᠡᠬᠦ ᠭᠠᠷ ᠬᠦᠢᠴᠡᠳᠭᠡᠯ 7 ᠶᠢ | ᠬᠦᠢᠴᠡᠳᠭᠡᠵᠤ᠂ ᠰᠡᠷᠭᠦᠭᠡᠬᠦ ᠳᠦᠰᠦᠪ ᠶᠤᠰᠤᠭᠠᠷ 45 ᠭᠠᠵᠠᠷ ᠤᠨ ᠤᠷᠭᠤᠮᠠᠯ ᠤᠨ ᠪᠦᠷᠬᠦᠴᠡ ᠶᠢ ᠶᠠᠭ ᠰᠡᠷᠭᠦᠭᠡᠵᠤ | ᠪᠠᠶᠢᠨ᠎ᠠ᠃ | ᠡᠬᠦᠨ ᠤ ᠬᠠᠮᠳᠤ᠂ 2016 ᠤᠨ ᠤ 1 ᠰᠠᠷ᠎ᠠ ᠠᠴᠠ 2017 ᠤᠨ ᠤ 6 ᠰᠠᠷ᠎ᠠ ᠬᠦᠷᠲᠡᠯ᠎ᠡ᠂ ᠮᠠᠨ ᠤ | ᠠᠶᠢᠮᠠᠭ ᠨᠤᠳᠤᠭ ᠪᠡᠯᠴᠢᠭᠡᠷ ᠢ ᠡᠪᠳᠡᠭᠰᠡᠨ ᠠᠰᠠᠭᠤᠳᠠᠯ ᠳᠤ ᠦᠪᠡᠷ ᠤᠨ ᠪᠠᠶᠢᠴᠠᠭᠠᠯᠳᠠ ᠬᠢᠵᠤ᠂ 152 ᠭᠡᠷᠡᠭ ᠢ | ᠢᠯᠡᠷᠡᠬᠦᠯᠵᠤ᠂ 2.03 ᠲᠦᠮᠡᠨ ᠮᠦ ᠳᠤ ᠬᠤᠯᠪᠤᠭᠳᠠᠵᠠᠢ᠃ ᠤᠳᠤᠬᠠᠨ ᠪᠤᠯᠳᠠᠯ᠎ᠠ᠂ 73 ᠭᠡᠷᠡᠭ ᠤᠨ ᠨᠤᠳᠤᠭ | ᠪᠡᠯᠴᠢᠭᠡᠷ ᠤᠨ ᠤᠷᠭᠤᠮᠠᠯ ᠤᠨ ᠪᠦᠷᠬᠦᠴᠡ ᠶᠢ ᠰᠡᠷᠭᠦᠭᠡᠵᠤ᠂ ᠨᠤᠳᠤᠭ ᠪᠡᠯᠴᠢᠭᠡᠷ ᠢ ᠡᠵᠡᠯᠡᠨ ᠭᠡᠷᠡᠭᠯᠡᠬᠦ ᠬᠢᠨᠠᠨ | ᠵᠦᠪᠰᠢᠶᠡᠷᠡᠬᠦ ᠭᠠᠷ ᠬᠦᠢᠴᠡᠳᠭᠡᠯ 38 ᠶᠢ ᠬᠦᠢᠴᠡᠳᠭᠡᠵᠤ᠂ ᠦᠯᠡᠳᠡᠭᠰᠡᠨ ᠢ ᠨᠢ ᠶᠠᠭ ᠵᠠᠰᠠᠨ ᠰᠠᠶᠢᠵᠢᠷᠠᠭᠤᠯᠵᠤ | ᠪᠠᠶᠢᠨ᠎ᠠ᠃ | ᠮᠠᠨ ᠤ ᠠᠶᠢᠮᠠᠭ ᠶᠡᠷᠦᠩᠭᠡᠶᠢᠯᠡᠭᠰᠡᠨ ᠬᠢᠨᠠᠨ ᠬᠠᠮᠢᠶᠠᠷᠴᠦ ᠬᠠᠤᠯᠢ ᠭᠡᠷᠡᠭᠵᠢᠬᠦᠯᠬᠦ ᠲᠤᠭᠳᠠᠴᠠ ᠶᠢ ᠪᠠᠶᠢᠭᠤᠯᠵᠤ᠂ | ︽ᠨᠤᠳᠤᠭ ᠪᠠᠯᠴᠢᠭᠡᠷ ᠤᠨ ᠠᠮᠢ ᠠᠬᠤᠢ ᠶᠢᠨ ᠤᠯᠠᠨ ᠰᠠᠯᠠᠭ᠎ᠠ ᠮᠦᠴᠢᠷ ᠬᠠᠮᠵᠢᠯᠴᠠᠨ ᠬᠤᠯᠪᠤᠭᠠᠯᠠᠵᠦ ᠶᠠᠷᠦᠩᠭᠡᠶᠢᠯᠡᠨ | ᠬᠠᠤᠯᠢ ᠭᠡᠷᠡᠭᠵᠢᠬᠦᠯᠬᠦ ᠲᠤᠭᠳᠠᠴᠠ ᠶᠢ ᠪᠠᠶᠢᠭᠤᠯᠬᠤ ᠰᠠᠨᠠᠯ︾ ᠵᠡᠷᠭᠡ 21 ᠲᠦᠷᠢᠮ ᠲᠤᠭᠳᠠᠭᠠᠵᠤ᠂ ᠪᠦᠬᠦ ᠤᠷᠤᠨ ᠤ | ᠠᠩᠬᠠᠳᠠᠭᠴᠢ ᠲᠤᠮᠤ ᠳ᠋ᠠᠶᠢᠲ᠋ᠠ ᠶᠢᠨ ᠠᠮᠢ ᠠᠬᠤᠢ ᠶᠢᠨ ᠬᠠᠮᠠᠭᠠᠯᠠᠯᠳᠠ ᠶᠢᠨ ᠰᠢᠰᠲᠧᠮ ᠤᠨ ᠲᠠᠪᠴᠠᠩ ᠢ ᠨᠡᠭᠡᠭᠡᠨ | ᠡᠭᠦᠳᠴᠦ᠂ ᠨᠤᠳᠤᠭ ᠪᠠᠯᠴᠢᠭᠡᠷ ᠤᠨ ᠠᠮᠢ ᠠᠬᠤᠢ ᠶᠢᠨ ᠲᠤᠰᠬᠠᠢ ᠬᠠᠮᠢᠶᠠᠷᠤᠭᠴᠢ ᠶᠢᠨ ᠲᠦᠷᠢᠮ ᠢ ᠭᠡᠷᠡᠭᠵᠢᠬᠦᠯᠵᠤ᠂ | ᠨᠤᠳᠤᠭ ᠪᠠᠯᠴᠢᠭᠡᠷ ᠤᠨ ᠬᠠᠮᠠᠭᠠᠯᠠᠯᠳᠠ ᠶᠢᠨ ᠤᠷᠳᠤ ᠬᠤᠭᠤᠴᠠᠭᠠᠨ ᠤ ᠬᠠᠮᠢᠶᠠᠷᠤᠯᠳᠠ ᠶᠢᠨ ᠲᠤᠭᠳᠠᠴᠠ ᠶᠢ ᠪᠤᠢ | ᠪᠤᠯᠭᠠᠪᠠ᠃ ᠨᠤᠳᠤᠭ ᠪᠡᠯᠴᠢᠭᠡᠷ ᠡᠵᠡᠯᠡᠨ ᠭᠡᠷᠡᠭᠯᠡᠬᠦ ᠳᠤ ᠤᠷᠢᠳᠴᠢᠯᠡᠨ ᠬᠢᠨᠠᠬᠤ ᠲᠦᠷᠢᠮ ᠢ ᠪᠠᠶᠢᠭᠤᠯᠵᠤ᠂ ᠪᠤᠢ | ᠪᠦᠬᠦᠢ ᠨᠤᠳᠤᠭ ᠪᠠᠯᠴᠢᠭᠡᠷ ᠢ ᠡᠵᠡᠯᠡᠨ ᠭᠡᠷᠡᠭᠯᠡᠬᠦ ᠲᠦᠷᠦᠯ ᠵᠦᠢᠯ ᠡᠷᠭᠡᠪᠰᠢ ᠤᠷᠢᠳᠴᠢᠯᠡᠨ ᠬᠢᠨᠠᠬᠤ ᠶᠠᠪᠤᠴᠠ ᠪᠠᠷ | ᠳᠠᠮᠵᠢᠮᠡᠨᠵᠢᠨ ᠭᠠᠵᠠᠷ ᠰᠢᠷᠦᠢ ᠶᠢᠨ ᠤᠷᠴᠢᠨ ᠲᠤᠭᠤᠷᠢᠨ ᠤ ᠦᠨᠡᠯᠡᠯᠲᠡ ᠵᠡᠷᠭᠡ ᠭᠠᠷ ᠬᠦᠢᠴᠡᠳᠭᠡᠯ ᠢ ᠬᠢᠵᠤ ᠪᠤᠯᠤᠨ᠎ᠠ | ᠃ | 2017 ᠤᠨ ᠳᠤ᠂ ᠮᠠᠨ ᠤ ᠠᠶᠢᠮᠠᠭ ᠤᠨ ᠮᠠᠯ ᠤᠨ ᠲᠤᠭ᠎ᠠ 1453.1 ᠲᠦᠮᠡ ᠬᠦᠷᠴᠤ᠂ ᠳᠡᠭᠡᠷ᠎ᠠ | ᠵᠢᠯ ᠠᠴᠠ ᠪᠠᠨ 170.5 ᠲᠦᠮᠠ ᠬᠠᠰᠤᠬᠳᠠᠵᠦ᠂ ᠪᠠᠶᠢᠭᠠᠯᠢᠯᠢᠭ ᠨᠤᠳᠤᠭ ᠪᠡᠯᠴᠢᠭᠡᠷ ᠤᠨ ᠮᠠᠯ ᠤᠨ ᠲᠠᠭᠠᠭᠠᠴᠠ ᠶᠢᠨ | ᠭᠡᠮᠵᠢᠶ᠎ᠠ ᠠᠩᠬ᠎ᠠ ᠤᠳᠠᠭ᠎ᠠ ᠰᠦᠭᠡᠷᠬᠦ ᠨᠡᠮᠡᠭᠲᠡᠵᠤ᠂ ᠪᠠᠶᠢᠭᠠᠯᠢᠯᠢᠭ ᠨᠤᠳᠤᠭ ᠪᠡᠯᠴᠢᠭᠡᠷ ᠠᠴᠠ ᠡᠪᠡᠰᠤ ᠬᠠᠳᠤᠬᠤ ᠳᠤ | ᠨᠢᠭᠡᠳᠦᠯᠳᠠᠢ ᠲᠦᠷᠢᠮ ᠢ ᠭᠡᠷᠡᠭᠵᠢᠭᠦᠯᠪᠡ᠃ ᠡᠨᠡ ᠵᠢᠯ᠂ ᠮᠠᠨ ᠤ ᠠᠶᠢᠮᠠᠭ 1.6 ᠳ᠋ᠦᠩᠰᠢᠭᠤᠷ ᠲᠦᠬᠦᠷᠢᠭ ᠪᠡᠯᠡ | ᠤᠷᠤᠭᠤᠯᠵᠤ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠢ ᠪᠦᠬᠦ ᠲᠠᠯ᠎ᠠ ᠪᠠᠷ ᠭᠡᠷᠡᠭᠵᠢᠬᠦᠯᠵᠤ᠂ | ᠨᠤᠳᠤᠭ ᠪᠠᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠰᠢᠨᠵᠢᠯᠡᠬᠦ ᠤᠬᠠᠭᠠᠨᠴᠢ ᠪᠠᠷ | ᠬᠠᠮᠠᠭᠠᠯᠠᠬᠤ ᠪᠤᠯᠪᠠ᠃ |