ᠮᠠᠨ ᠤ ᠠᠶᠢᠮᠠᠭ ︽ᠲᠡᠮᠦᠷᠯᠢᠭ ᠤᠨ ᠬᠠᠶᠠᠭᠳᠠᠮᠠᠯ ᠰᠢᠭᠠᠷᠤ ᠶᠢ ᠲᠦᠷᠢᠮ ᠠᠴᠠ ᠵᠦᠷᠢᠴᠡᠨ ᠰᠢᠢᠳᠪᠦᠷᠢᠯᠡᠭᠰᠡᠨ︾ ᠠᠰᠠᠭᠤᠳᠠᠯ ᠢ ᠴᠡᠭᠴᠡᠯᠡᠵᠦ ᠲᠠᠭᠤᠰᠬᠠᠪᠠ
ᠨᠡᠶᠢᠲᠡᠯᠡᠭᠰᠡᠨ ᠴᠠᠭ᠄
2018/6/25
    ᠤᠢᠢᠷ᠎ᠠ ᠶᠢᠨ ᠵᠢᠯ ᠳᠤ᠂ ᠮᠠᠨ ᠤ ᠠᠶᠢᠮᠠᠭ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠪᠠᠷ ᠲᠤᠬᠢᠶᠠᠯ ᠪᠤᠯᠭᠠᠵᠦ᠂ ︽ᠲᠡᠮᠦᠷᠯᠢᠭ ᠤᠨ ᠬᠠᠶᠠᠭᠳᠠᠮᠠᠯ ᠰᠢᠭᠠᠷᠤ ᠶᠢ ᠲᠦᠷᠢᠮ ᠠᠴᠠ ᠵᠦᠷᠢᠴᠡᠨ ᠰᠢᠢᠳᠪᠦᠷᠢᠯᠡᠭᠰᠡᠨ︾ ᠠᠰᠠᠭᠤᠳᠠᠯ ᠢ ᠲᠤᠭᠳᠠᠭᠰᠠᠨ ᠬᠤᠭᠤᠴᠠᠭᠠᠨ ᠳᠤ ᠴᠡᠭᠴᠡᠯᠡᠵᠦ ᠲᠠᠭᠤᠰᠬᠠᠪᠠ᠃         ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠳᠤ ᠲᠤᠰᠬᠠᠬᠰᠠᠨ ᠢᠶᠠᠷ ︽2015 ᠤᠨ ᠤ ᠡᠴᠦᠰ ᠪᠤᠯᠳᠠᠯ᠎ᠠ᠂ ᠮᠠᠨ ᠤ ᠤᠷᠤᠨ ᠤ ᠶᠡᠷᠦᠩᠬᠡᠶᠢᠯᠡᠨ ᠠᠰᠢᠭᠯᠠᠵᠦ ᠰᠢᠢᠳᠪᠦᠷᠢᠯᠡᠭᠰᠡᠨ ᠦᠬᠡᠢ ᠲᠡᠮᠦᠷᠯᠢᠭ ᠤᠨ ᠬᠠᠶᠠᠭᠳᠠᠮᠠᠯ ᠰᠢᠭᠠᠷᠤ ᠪᠡ ᠠᠷᠰᠧᠨ ᠠᠭᠤᠯᠬᠤ ᠰᠢᠭᠠᠷᠤ ᠶᠢᠨ ᠬᠡᠮᠵᠢᠶ᠎ᠠ 286.6 ᠲᠦᠮᠡᠨ ᠲᠤᠨ ᠬᠦᠷᠴᠦ︾᠂ ᠡᠬᠦᠨ ᠳᠤ ᠥᠪᠥᠷ ᠮᠤᠩᠭᠤᠯ ᠤᠨ ᠬᠢᠨᠭ᠍ᠭᠠᠨ ᠵᠡᠰ ᠴᠠᠶᠢᠷ ᠪᠤᠯᠪᠠᠰᠤᠷᠠᠭᠤᠯᠬᠤ ᠺᠤᠮᠫᠠᠨᠢ ᠳᠤ ᠴᠤ ᠬᠠᠶᠠᠭᠳᠠᠮᠠᠯ ᠰᠢᠭᠠᠷᠤ ᠶᠢᠨ ᠠᠰᠠᠭᠤᠳᠠᠯ ᠤᠷᠤᠰᠢᠵᠦ ᠪᠠᠶᠢᠪᠠ᠃         ᠥᠪᠥᠷ ᠮᠤᠩᠭᠤᠯ ᠤᠨ ᠬᠢᠨᠭ᠍ᠭᠠᠨ ᠵᠡᠰ ᠴᠠᠶᠢᠷ ᠪᠤᠯᠪᠠᠰᠤᠷᠠᠭᠤᠯᠬᠤ ᠺᠤᠮᠫᠠᠨᠢ ᠨᠢ ᠪᠠᠷᠠᠭᠤᠨ ᠦᠵᠦᠮᠦᠴᠢᠨ ᠬᠤᠰᠢᠭᠤᠨ ᠤ ᠪᠠᠶᠠᠨᠬᠤᠸᠠ ᠡᠨᠧᠷᠬᠢ ᠬᠢᠮᠢ ᠶᠢᠨ ᠠᠵᠦ ᠦᠢᠯᠡᠳᠪᠦᠷᠢ ᠶᠢᠨ ᠬᠦᠷᠢᠶᠡᠯᠡᠩ ᠳᠤ ᠪᠠᠶᠢᠷᠢᠯᠠᠵᠦ᠂ ᠵᠢᠯ ᠳᠡᠭᠡᠨ 10 ᠲᠦᠮᠡᠨ ᠲᠤᠨ ᠴᠠᠶᠢᠷ᠂ 18 ᠲᠦᠮᠡᠨ ᠳᠤᠨ ᠬᠦᠬᠦᠷ ᠬᠦᠴᠢᠯ ᠪᠤᠯᠪᠠᠰᠤᠷᠠᠭᠤᠯᠬᠤ ᠳᠠᠭᠠᠨ 8 ᠲᠦᠮᠡᠨ ᠲᠤᠨ ᠬᠠᠶᠠᠭᠳᠠᠮᠠᠯ ᠰᠢᠭᠠᠷᠤ ᠢᠯᠭᠠᠷᠠᠭᠤᠯᠳᠠᠭ ᠪᠠᠶᠢᠵᠠᠢ᠃ ᠦᠩᠬᠡᠷᠡᠭᠰᠡᠨ ᠳᠤ ᠲᠡᠳᠡ ᠬᠠᠶᠠᠭᠳᠠᠮᠠᠯ ᠰᠢᠭᠠᠷᠤ ᠶᠢ ᠰᠢᠭᠤᠳ ᠭᠠᠵᠠᠷ ᠲᠤᠤᠷ᠎ᠠ ᠪᠤᠯᠠᠵᠦ ᠰᠢᠢᠳᠪᠦᠷᠢᠯᠡᠵᠦ ᠪᠠᠶᠢᠭᠰᠠᠨ ᠢᠶᠠᠨ ᠴᠡᠭᠴᠡᠯᠡᠨ ᠰᠠᠶᠢᠵᠢᠷᠠᠭᠤᠯᠬᠤ ᠪᠠᠷ ᠲᠠᠮᠵᠢᠭᠤᠯᠵᠦ ᠪᠤᠬᠢᠷᠳᠤᠯ ᠤᠨ ᠠᠰᠠᠭᠤᠳᠠᠯ ᠤᠳ ᠢ ᠪᠦᠲᠦᠮᠵᠢᠲᠠᠢ ᠰᠢᠢᠳᠪᠦᠷᠢᠯᠡᠵᠠᠢ᠃ ᠺᠤᠮᠫᠠᠨᠢ ᠶᠢᠨ ᠦᠢᠯᠡᠳᠪᠦᠷᠢᠯᠡᠯ ᠤᠨ ᠮᠡᠷᠭᠡᠵᠢᠯ ᠤᠨ ᠬᠡᠯᠲᠡᠰ ᠤᠨ ᠬᠠᠷᠢᠭᠤᠴᠠᠯᠭᠠᠳᠠᠨ ᠮᠧᠩ ᠴᠢᠩ ᠢᠤᠢ ᠲᠠᠨᠢᠯᠴᠠᠭᠤᠯᠬᠤ ᠳᠠᠭᠠᠨ᠄ ︽ᠤᠳᠤ ᠪᠢᠳᠡ ᠲᠡᠷᠢᠬᠦᠨ ᠤ ᠮᠡᠷᠭᠡᠵᠢᠯ ᠢ ᠤᠷᠤᠭᠤᠯᠬᠤ ᠪᠠᠷ ᠲᠠᠮᠵᠢᠭᠤᠯᠵᠦ᠂ ᠡᠬᠢ ᠪᠠᠶᠠᠯᠢᠭ ᠤᠨ ᠠᠰᠢᠭᠯᠠᠮᠵᠢ ᠶᠢᠨ ᠨᠤᠷᠮ᠎ᠠ ᠶᠢ ᠲᠡᠭᠡᠭᠰᠢᠯᠡᠬᠦᠯᠦᠨ᠂ ᠠᠵᠦ ᠦᠢᠯᠡᠳᠪᠦᠷᠢ ᠶᠢᠨ ᠬᠠᠶᠠᠭᠳᠠᠮᠠᠯ ᠰᠢᠭᠠᠷᠤ ᠶᠢ ᠠᠮᠤᠷ ᠲᠦᠪᠰᠢᠨ ᠢᠶᠠᠷ ᠰᠢᠢᠳᠪᠦᠷᠢᠯᠡᠭᠰᠡᠨ ᠤ ᠳᠠᠷᠠᠭ᠎ᠠ ᠱᠦᠢᠨᠢ ᠪᠤᠶᠤ ᠪᠤᠯᠤᠳ ᠪᠤᠯᠪᠠᠰᠤᠷᠠᠭᠤᠯᠬᠤ ᠲᠦᠭᠦᠬᠡᠢ ᠮᠠᠲᠧᠷᠢᠶᠠᠯ ᠪᠤᠯᠭᠠᠨ ᠠᠰᠢᠭᠯᠠᠵᠦ᠂ ᠡᠨᠡ ᠵᠢᠯ 7 ᠲᠦᠮᠡᠨ ᠲᠤᠨ ᠬᠠᠶᠠᠭᠳᠠᠮᠠᠯ ᠰᠢᠭᠠᠷᠤ ᠶᠢ ᠰᠢᠢᠳᠪᠦᠷᠢᠯᠡᠬᠦ ᠪᠠᠷ ᠪᠠᠶᠢᠨ᠎ᠠ︾ ᠬᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号