6 ᠰᠠᠷ᠎ᠠ ᠶᠢᠨ 16 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠲᠠᠷᠤᠭ᠎ᠠ | ᠾᠦᠸᠧ ᠵᠤᠤ ᠯᠢᠶᠠᠩ ᠰᠢᠯᠢ ᠶᠢᠨ ᠬᠤᠳᠠ ᠶᠢᠨ ᠨᠡᠬᠦᠷᠡᠰᠤᠨ ᠤ ᠠᠵᠤ ᠠᠬᠤᠢᠢᠯᠠᠯ ᠳᠤ ᠬᠦᠨᠵᠡᠭᠡᠶᠢᠷᠡᠵᠤ᠂ ᠠᠵᠤ | ᠠᠬᠤᠢᠢᠯᠠᠯ ᠤᠨ ᠦᠢᠯᠡᠳᠪᠤᠷᠢᠯᠡᠯ᠂ ᠪᠤᠬᠢᠷᠲᠤᠯ ᠢ ᠰᠡᠷᠭᠡᠶᠢᠯᠡᠨ ᠵᠠᠰᠠᠬᠤ᠂ ᠠᠰᠠᠭᠤᠳᠠᠯ ᠢᠶᠠᠨ ᠴᠡᠭᠴᠡᠯᠡᠨ | ᠰᠠᠶᠢᠵᠢᠷᠠᠭᠤᠯᠤᠭᠰᠠᠨ ᠵᠢᠴᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠨ ᠬᠠᠮᠢᠶᠠᠷᠤᠯᠳᠠ ᠵᠡᠷᠭᠡ ᠠᠵᠢᠯ ᠳᠤ | ᠪᠠᠶᠢᠴᠠᠭᠠᠨ ᠰᠤᠳᠤᠯᠤᠯᠲᠠ ᠬᠢᠵᠤ᠂ ᠡᠯ᠎ᠡ ᠱᠠᠳᠤᠨ ᠤ ᠵᠠᠰᠠᠭ ᠤᠨ ᠤᠷᠳᠤᠨ᠂ ᠡᠯ᠎ᠡ ᠠᠵᠤ ᠠᠬᠤᠢᠢᠯᠠᠯ ᠪᠠ | ᠨᠡᠶᠢᠭᠡᠮ ᠤᠨ ᠡᠯ᠎ᠡ ᠡᠳᠡᠭᠡᠳ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ | ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠷᠴᠢᠨ ᠲᠤᠭᠤᠷᠢᠨ ᠢ ᠬᠠᠮᠠᠭᠠᠯᠠᠬᠤ ᠡᠬᠦᠷᠭᠡ | ᠬᠠᠷᠢᠭᠤᠴᠠᠯᠭ᠎ᠠ ᠪᠠᠨ ᠬᠦᠢᠴᠡᠳᠭᠡᠵᠤ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠷᠢᠭ᠎ᠠ ᠱᠤᠭᠤᠮ ᠢ ᠪᠠᠳᠤ | ᠰᠠᠬᠢᠵᠤ᠂ ᠪᠤᠬᠢᠷᠲᠦᠯ ᠦᠭᠡᠢ ᠦᠢᠯᠡᠳᠪᠤᠷᠢᠯᠡᠯ ᠪᠤᠬᠢᠷᠲᠦᠯ ᠦᠭᠡᠢ ᠬᠦᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ | ᠭᠡᠷᠡᠭᠲᠡᠢ ᠭᠡᠵᠤ ᠴᠢᠬᠤᠯᠠᠴᠢᠯᠠᠪᠠ᠃ | ᠾᠦᠸᠧ ᠵᠤᠤ ᠯᠢᠶᠠᠩ ᠤᠷᠢᠳ ᠬᠤᠵᠢᠳ ᠰᠢᠯᠢ ᠶᠢᠨ ᠭᠤᠤᠯ ᠲᠦᠩ ᠯᠢ ᠭᠧᠷᠮᠠᠨᠢ ᠶᠢᠨ ᠦᠢᠯᠡᠰ᠂ | ᠤᠯᠠᠭᠠᠨᠳᠤᠭ ᠨᠡᠬᠦᠷᠡᠰᠤᠨ ᠤ ᠺᠤᠮᠫᠠᠨᠢ ᠶᠢᠨ ᠵᠠᠳᠠᠭᠠᠢ ᠭᠧᠷᠮᠠᠨᠢ ᠨᠠᠬᠦᠷᠡᠰᠤᠨ ᠤ ᠠᠭᠤᠷᠬᠠᠢ᠂ ᠰᠢᠯᠢ ᠶᠢᠨ ᠬᠤᠳᠠ ᠶᠢᠨ | ᠨᠠᠬᠦᠷᠡᠰᠤᠨ ᠤ ᠠᠭᠤᠷᠬᠠᠢ ᠶᠢᠨ ᠢᠯᠡᠯᠲᠡ ᠬᠤᠶᠠᠳᠤᠭᠠᠷ ᠵᠠᠳᠠᠭᠠᠢ ᠨᠡᠬᠦᠷᠡᠰᠤᠨ ᠠᠭᠤᠷᠬᠠᠢ᠂ ᠦᠪᠦᠷ ᠮᠤᠩᠭᠤᠯ ᠤᠨ | ᠡᠨᠧᠷᠬᠢ ᠶᠢᠨ ᠺᠤᠮᠫᠠᠨᠢ ᠶᠢᠨ ᠢᠯᠡᠯᠲᠡ ᠭᠤᠷᠪᠠᠳᠤᠭᠠᠷ ᠵᠠᠳᠠᠭᠠᠢ ᠨᠡᠬᠦᠷᠡᠰᠤᠨ ᠠᠭᠤᠷᠬᠠᠢ᠂ ᠱᠧᠨ ᠬᠤᠸᠠ ᠢᠯᠡᠯᠲᠡ | ᠡᠨᠧᠷᠬᠢ ᠶᠢᠨ ᠺᠤᠮᠫᠠᠨᠢ ᠶᠢᠨ ᠵᠠᠳᠠᠭᠠᠢ ᠨᠡᠬᠦᠷᠡᠰᠤᠨ ᠠᠭᠤᠷᠬᠠᠢ ᠵᠢᠴᠢ ᠳ᠋ᠠ ᠲᠠᠩ ᠰᠢᠯᠢᠨ ᠠᠭᠤᠷᠬᠠᠢ ᠶᠢᠨ ᠺᠤᠮᠫᠠᠨᠢ ᠳᠤ | ᠬᠦᠷᠴᠤ᠂ ᠨᠡᠬᠦᠷᠡᠰᠤ ᠮᠠᠯᠳᠠᠬᠤ ᠠᠬᠤᠢ ᠲᠠᠯᠠᠪᠠᠢ᠂ ᠰᠢᠷᠤᠢ ᠭᠠᠳᠠᠭᠰᠢᠯᠠᠭᠤᠯᠬᠤ ᠲᠠᠯᠠᠪᠠᠢ᠂ ᠠᠭᠤᠷᠬᠠᠢ ᠶᠢᠨ | ᠤᠷᠤᠨ ᠤ ᠠᠮᠢ ᠠᠬᠤᠢ ᠶᠢᠨ ᠰᠡᠷᠬᠦᠭᠡᠯᠲᠡ᠂ ᠤᠷᠴᠢᠨ ᠲᠤᠭᠤᠷᠢᠨ ᠤ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠵᠢᠴᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠨ ᠬᠠᠮᠢᠶᠠᠷᠤᠯᠳᠠ ᠵᠡᠷᠭᠡ | ᠪᠠᠶᠢᠳᠠᠯ ᠢ ᠨᠠᠷᠢᠨ ᠦᠢᠯᠠᠭᠠᠵᠤ᠂ ᠲᠤᠬᠠᠢ ᠶᠢᠨ ᠲᠠᠯᠠᠪᠠᠢ ᠳᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ | ᠱᠠᠯᠠᠪᠳᠠᠭᠤᠯᠤᠨ ᠨᠠᠶᠢᠳᠠᠪᠤᠷᠢᠵᠢᠭᠤᠯᠪᠠ᠃ | ᠾᠦᠸᠧ ᠵᠤᠤ ᠯᠢᠶᠠᠩ ᠴᠢᠬᠤᠯᠠᠴᠢᠯᠠᠬᠤ ᠳᠠᠭᠠᠨ᠂ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠤ᠂ | ︽ᠲᠦᠷᠪᠡᠨ ᠤᠬᠠᠮᠰᠠᠷ︾ ᠢᠶᠠᠨ ᠪᠠᠳᠤᠳᠬᠠᠵᠤ᠂ ᠪᠤᠬᠢᠷᠲᠦᠯ ᠢ ᠰᠡᠷᠭᠡᠶᠢᠯᠡᠨ ᠵᠠᠰᠠᠬᠤ ᠪᠠ ᠬᠢᠨᠠᠠ ᠬᠠᠮᠢᠶᠠᠷᠤᠯᠳᠠ ᠶᠢᠨ | ᠠᠵᠢᠯ ᠢ ᠲᠡᠭᠡᠲᠦ ᠭᠡᠮᠵᠢᠶ᠎ᠠ ᠪᠠᠷ ᠴᠢᠬᠤᠯᠠᠴᠢᠯᠠᠵᠤ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠲᠤᠰᠢᠶᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ | ᠱᠠᠭᠠᠷᠳᠠᠯᠭ᠎ᠠ ᠶᠤᠰᠤᠭᠠᠷ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠠ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠬᠤ ᠭᠡᠷᠡᠭᠲᠡᠢ᠃ ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠢ | ᠴᠡᠭᠴᠡᠯᠡᠬᠦ ᠠᠵᠢᠯ ᠢ ᠴᠢᠩᠭᠠᠳᠬᠠᠵᠤ᠂ ᠤᠯᠤᠰ ᠤᠨ ᠦᠮᠴᠢᠯᠠᠯᠳᠤ ᠠᠵᠤ ᠠᠬᠤᠢᠢᠯᠠᠯ ᠤᠨ ᠵᠢᠱᠢᠶ᠎ᠠ ᠦᠵᠡᠬᠦᠯᠦᠨ | ᠲᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠪᠤᠬᠢᠷᠲᠦᠯ ᠦᠭᠡᠢ ᠬᠦᠭᠵᠢᠯᠲᠡ ᠶᠢᠨ ᠦᠢᠯᠠᠭᠠᠭᠳᠠᠬᠤᠨ ᠢ | ᠦᠢᠯᠡᠳᠪᠤᠷᠢᠯᠡᠯ ᠡᠵᠡᠩᠨᠡᠯᠲᠡ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠠᠮᠢ ᠠᠬᠤᠢ ᠶᠢᠨ ᠬᠤᠷᠢᠭ᠎ᠠ ᠱᠤᠭᠤᠮ ᠢ | ᠪᠠᠳᠤ ᠰᠠᠬᠢᠬᠤ ᠭᠡᠷᠡᠭᠲᠡᠢ᠃ ᠪᠤᠬᠢᠷᠲᠦᠯ ᠢ ᠰᠡᠷᠭᠡᠶᠢᠯᠡᠨ ᠵᠠᠰᠠᠬᠤ ᠬᠢᠨᠡᠨ ᠬᠠᠮᠢᠶᠠᠷᠤᠯᠳᠠ ᠶᠢᠨ ᠡᠷᠴᠢᠮ ᠢᠶᠠᠨ | ᠴᠢᠩᠭᠠᠷᠠᠭᠤᠯᠵᠤ᠂ ᠤᠷᠳᠤ ᠬᠤᠭᠤᠴᠠᠭᠠᠨ ᠤ ᠲᠤᠭᠳᠠᠴᠠ ᠶᠢ ᠪᠠᠶᠢᠭᠤᠯᠵᠤ᠂ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠠ ᠪᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠲᠦᠷᠢᠮ ᠲᠤᠭᠳᠠᠴᠠ ᠪᠠᠷ ᠪᠠᠳᠤᠯᠠᠬᠤ | ᠭᠡᠷᠡᠭᠲᠡᠢ ᠭᠡᠪᠡ᠃ | ᠠᠶᠢᠮᠠᠭ ᠤᠨ ᠳᠡᠳ᠋ ᠲᠠᠷᠤᠭ᠎ᠠ ᠡᠦ ᠴᠤᠭ ᠵᠢᠴᠢ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ | ᠮᠦᠴᠢᠷ᠂ ᠰᠢᠯᠢ ᠶᠢᠨ ᠬᠤᠳᠠ ᠶᠢᠨ ᠭᠤᠤᠯ ᠬᠠᠷᠢᠭᠤᠴᠠᠯᠭᠠᠳᠠᠨ ᠪᠠᠷ᠎ᠠ ᠪᠤᠯᠵᠤ ᠪᠠᠶᠢᠴᠠᠭᠠᠨ ᠰᠤᠳᠤᠯᠤᠯᠳᠠ ᠬᠢᠪᠡ᠃ |