ᠾᠦᠸᠧ ᠵᠤᠤ ᠯᠢᠶᠠᠩ ᠰᠢᠯᠢ ᠶᠢᠨ ᠬᠤᠳᠠ ᠶᠢᠨ ᠨᠡᠬᠦᠷᠡᠰᠤᠨ ᠤ ᠠᠵᠤ ᠠᠬᠤᠢᠢᠯᠠᠯ ᠳᠤ ᠬᠦᠷᠴᠤ ᠤᠷᠴᠢᠨ ᠲᠤᠭᠤᠷᠢᠨ ᠤ ᠬᠠᠮᠠᠭᠠᠯᠠᠯᠳᠠ ᠪᠠ ᠬᠢᠨᠠᠨ ᠬᠠᠮᠢᠶᠠᠷᠤᠯᠳᠠ ᠶᠢᠨ ᠠᠵᠢᠯ ᠢ ᠪᠠᠶᠢᠴᠠᠭᠠᠨ ᠰᠤᠳᠤᠯᠵᠦ ᠱᠠᠯᠠᠪᠳᠠᠭᠤᠯᠤᠨ ᠨᠠᠶᠢᠳᠠᠪᠤᠷᠢᠵᠢᠭᠤᠯᠬᠤ ᠳᠠᠭᠠᠨ ᠴᠢᠬᠤᠯᠠᠴᠢᠯᠠᠭᠰᠠᠨ ᠨᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠷᠢᠭ᠎ᠠ ᠱᠤᠭᠤᠮ ᠢ ᠪᠠᠳᠤ ᠰᠠᠬᠢᠵᠤ ᠪᠤᠬᠢᠷᠲᠦᠯ ᠦᠭᠡᠢ ᠦᠢᠯᠡᠳᠪᠤᠷᠢᠯᠡᠯ ᠪᠤᠬᠢᠷᠲᠦᠯ ᠦᠭᠡᠢ ᠬᠦᠭᠵᠢᠯᠲᠡ ᠶᠢ ᠠᠬᠢᠭᠤᠯᠬᠤ ᠭᠡᠷᠡᠭᠲᠡᠢ
ᠨᠡᠶᠢᠲᠡᠯᠡᠭᠰᠡᠨ ᠴᠠᠭ᠄
2018/6/25
    6 ᠰᠠᠷ᠎ᠠ ᠶᠢᠨ 16 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠲᠠᠷᠤᠭ᠎ᠠ ᠾᠦᠸᠧ ᠵᠤᠤ ᠯᠢᠶᠠᠩ ᠰᠢᠯᠢ ᠶᠢᠨ ᠬᠤᠳᠠ ᠶᠢᠨ ᠨᠡᠬᠦᠷᠡᠰᠤᠨ ᠤ ᠠᠵᠤ ᠠᠬᠤᠢᠢᠯᠠᠯ ᠳᠤ ᠬᠦᠨᠵᠡᠭᠡᠶᠢᠷᠡᠵᠤ᠂ ᠠᠵᠤ ᠠᠬᠤᠢᠢᠯᠠᠯ ᠤᠨ ᠦᠢᠯᠡᠳᠪᠤᠷᠢᠯᠡᠯ᠂ ᠪᠤᠬᠢᠷᠲᠤᠯ ᠢ ᠰᠡᠷᠭᠡᠶᠢᠯᠡᠨ ᠵᠠᠰᠠᠬᠤ᠂ ᠠᠰᠠᠭᠤᠳᠠᠯ ᠢᠶᠠᠨ ᠴᠡᠭᠴᠡᠯᠡᠨ ᠰᠠᠶᠢᠵᠢᠷᠠᠭᠤᠯᠤᠭᠰᠠᠨ ᠵᠢᠴᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠨ ᠬᠠᠮᠢᠶᠠᠷᠤᠯᠳᠠ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠵᠤ᠂ ᠡᠯ᠎ᠡ ᠱᠠᠳᠤᠨ ᠤ ᠵᠠᠰᠠᠭ ᠤᠨ ᠤᠷᠳᠤᠨ᠂ ᠡᠯ᠎ᠡ ᠠᠵᠤ ᠠᠬᠤᠢᠢᠯᠠᠯ ᠪᠠ ᠨᠡᠶᠢᠭᠡᠮ ᠤᠨ ᠡᠯ᠎ᠡ ᠡᠳᠡᠭᠡᠳ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠷᠴᠢᠨ ᠲᠤᠭᠤᠷᠢᠨ ᠢ ᠬᠠᠮᠠᠭᠠᠯᠠᠬᠤ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠤ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠷᠢᠭ᠎ᠠ ᠱᠤᠭᠤᠮ ᠢ ᠪᠠᠳᠤ ᠰᠠᠬᠢᠵᠤ᠂ ᠪᠤᠬᠢᠷᠲᠦᠯ ᠦᠭᠡᠢ ᠦᠢᠯᠡᠳᠪᠤᠷᠢᠯᠡᠯ ᠪᠤᠬᠢᠷᠲᠦᠯ ᠦᠭᠡᠢ ᠬᠦᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠭᠡᠷᠡᠭᠲᠡᠢ ᠭᠡᠵᠤ ᠴᠢᠬᠤᠯᠠᠴᠢᠯᠠᠪᠠ᠃         ᠾᠦᠸᠧ ᠵᠤᠤ ᠯᠢᠶᠠᠩ ᠤᠷᠢᠳ ᠬᠤᠵᠢᠳ ᠰᠢᠯᠢ ᠶᠢᠨ ᠭᠤᠤᠯ ᠲᠦᠩ ᠯᠢ ᠭᠧᠷᠮᠠᠨᠢ ᠶᠢᠨ ᠦᠢᠯᠡᠰ᠂ ᠤᠯᠠᠭᠠᠨᠳᠤᠭ ᠨᠡᠬᠦᠷᠡᠰᠤᠨ ᠤ ᠺᠤᠮᠫᠠᠨᠢ ᠶᠢᠨ ᠵᠠᠳᠠᠭᠠᠢ ᠭᠧᠷᠮᠠᠨᠢ ᠨᠠᠬᠦᠷᠡᠰᠤᠨ ᠤ ᠠᠭᠤᠷᠬᠠᠢ᠂ ᠰᠢᠯᠢ ᠶᠢᠨ ᠬᠤᠳᠠ ᠶᠢᠨ ᠨᠠᠬᠦᠷᠡᠰᠤᠨ ᠤ ᠠᠭᠤᠷᠬᠠᠢ ᠶᠢᠨ ᠢᠯᠡᠯᠲᠡ ᠬᠤᠶᠠᠳᠤᠭᠠᠷ ᠵᠠᠳᠠᠭᠠᠢ ᠨᠡᠬᠦᠷᠡᠰᠤᠨ ᠠᠭᠤᠷᠬᠠᠢ᠂ ᠦᠪᠦᠷ ᠮᠤᠩᠭᠤᠯ ᠤᠨ ᠡᠨᠧᠷᠬᠢ ᠶᠢᠨ ᠺᠤᠮᠫᠠᠨᠢ ᠶᠢᠨ ᠢᠯᠡᠯᠲᠡ ᠭᠤᠷᠪᠠᠳᠤᠭᠠᠷ ᠵᠠᠳᠠᠭᠠᠢ ᠨᠡᠬᠦᠷᠡᠰᠤᠨ ᠠᠭᠤᠷᠬᠠᠢ᠂ ᠱᠧᠨ ᠬᠤᠸᠠ ᠢᠯᠡᠯᠲᠡ ᠡᠨᠧᠷᠬᠢ ᠶᠢᠨ ᠺᠤᠮᠫᠠᠨᠢ ᠶᠢᠨ ᠵᠠᠳᠠᠭᠠᠢ ᠨᠡᠬᠦᠷᠡᠰᠤᠨ ᠠᠭᠤᠷᠬᠠᠢ ᠵᠢᠴᠢ ᠳ᠋ᠠ ᠲᠠᠩ ᠰᠢᠯᠢᠨ ᠠᠭᠤᠷᠬᠠᠢ ᠶᠢᠨ ᠺᠤᠮᠫᠠᠨᠢ ᠳᠤ ᠬᠦᠷᠴᠤ᠂ ᠨᠡᠬᠦᠷᠡᠰᠤ ᠮᠠᠯᠳᠠᠬᠤ ᠠᠬᠤᠢ ᠲᠠᠯᠠᠪᠠᠢ᠂ ᠰᠢᠷᠤᠢ ᠭᠠᠳᠠᠭᠰᠢᠯᠠᠭᠤᠯᠬᠤ ᠲᠠᠯᠠᠪᠠᠢ᠂ ᠠᠭᠤᠷᠬᠠᠢ ᠶᠢᠨ ᠤᠷᠤᠨ ᠤ ᠠᠮᠢ ᠠᠬᠤᠢ ᠶᠢᠨ ᠰᠡᠷᠬᠦᠭᠡᠯᠲᠡ᠂ ᠤᠷᠴᠢᠨ ᠲᠤᠭᠤᠷᠢᠨ ᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠢᠴᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠨ ᠬᠠᠮᠢᠶᠠᠷᠤᠯᠳᠠ ᠵᠡᠷᠭᠡ ᠪᠠᠶᠢᠳᠠᠯ ᠢ ᠨᠠᠷᠢᠨ ᠦᠢᠯᠠᠭᠠᠵᠤ᠂ ᠲᠤᠬᠠᠢ ᠶᠢᠨ ᠲᠠᠯᠠᠪᠠᠢ ᠳᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠱᠠᠯᠠᠪᠳᠠᠭᠤᠯᠤᠨ ᠨᠠᠶᠢᠳᠠᠪᠤᠷᠢᠵᠢᠭᠤᠯᠪᠠ᠃         ᠾᠦᠸᠧ ᠵᠤᠤ ᠯᠢᠶᠠᠩ ᠴᠢᠬᠤᠯᠠᠴᠢᠯᠠᠬᠤ ᠳᠠᠭᠠᠨ᠂ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠤ᠂ ︽ᠲᠦᠷᠪᠡᠨ ᠤᠬᠠᠮᠰᠠᠷ︾ ᠢᠶᠠᠨ ᠪᠠᠳᠤᠳᠬᠠᠵᠤ᠂ ᠪᠤᠬᠢᠷᠲᠦᠯ ᠢ ᠰᠡᠷᠭᠡᠶᠢᠯᠡᠨ ᠵᠠᠰᠠᠬᠤ ᠪᠠ ᠬᠢᠨᠠᠠ ᠬᠠᠮᠢᠶᠠᠷᠤᠯᠳᠠ ᠶᠢᠨ ᠠᠵᠢᠯ ᠢ ᠲᠡᠭᠡᠲᠦ ᠭᠡᠮᠵᠢᠶ᠎ᠠ ᠪᠠᠷ ᠴᠢᠬᠤᠯᠠᠴᠢᠯᠠᠵᠤ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠲᠤᠭᠤᠢᠢᠯᠠᠩ ᠤᠨ ᠲᠤᠰᠢᠶᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠤᠰᠤᠭᠠᠷ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠠᠳᠬᠤᠬᠤ ᠭᠡᠷᠡᠭᠲᠡᠢ᠃ ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠢ ᠴᠡᠭᠴᠡᠯᠡᠬᠦ ᠠᠵᠢᠯ ᠢ ᠴᠢᠩᠭᠠᠳᠬᠠᠵᠤ᠂ ᠤᠯᠤᠰ ᠤᠨ ᠦᠮᠴᠢᠯᠠᠯᠳᠤ ᠠᠵᠤ ᠠᠬᠤᠢᠢᠯᠠᠯ ᠤᠨ ᠵᠢᠱᠢᠶ᠎ᠠ ᠦᠵᠡᠬᠦᠯᠦᠨ ᠲᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠪᠤᠬᠢᠷᠲᠦᠯ ᠦᠭᠡᠢ ᠬᠦᠭᠵᠢᠯᠲᠡ ᠶᠢᠨ ᠦᠢᠯᠠᠭᠠᠭᠳᠠᠬᠤᠨ ᠢ ᠦᠢᠯᠡᠳᠪᠤᠷᠢᠯᠡᠯ ᠡᠵᠡᠩᠨᠡᠯᠲᠡ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠠᠮᠢ ᠠᠬᠤᠢ ᠶᠢᠨ ᠬᠤᠷᠢᠭ᠎ᠠ ᠱᠤᠭᠤᠮ ᠢ ᠪᠠᠳᠤ ᠰᠠᠬᠢᠬᠤ ᠭᠡᠷᠡᠭᠲᠡᠢ᠃ ᠪᠤᠬᠢᠷᠲᠦᠯ ᠢ ᠰᠡᠷᠭᠡᠶᠢᠯᠡᠨ ᠵᠠᠰᠠᠬᠤ ᠬᠢᠨᠡᠨ ᠬᠠᠮᠢᠶᠠᠷᠤᠯᠳᠠ ᠶᠢᠨ ᠡᠷᠴᠢᠮ ᠢᠶᠠᠨ ᠴᠢᠩᠭᠠᠷᠠᠭᠤᠯᠵᠤ᠂ ᠤᠷᠳᠤ ᠬᠤᠭᠤᠴᠠᠭᠠᠨ ᠤ ᠲᠤᠭᠳᠠᠴᠠ ᠶᠢ ᠪᠠᠶᠢᠭᠤᠯᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠪᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠢ ᠲᠦᠷᠢᠮ ᠲᠤᠭᠳᠠᠴᠠ ᠪᠠᠷ ᠪᠠᠳᠤᠯᠠᠬᠤ ᠭᠡᠷᠡᠭᠲᠡᠢ ᠭᠡᠪᠡ᠃         ᠠᠶᠢᠮᠠᠭ ᠤᠨ ᠳᠡᠳ᠋ ᠲᠠᠷᠤᠭ᠎ᠠ ᠡᠦ ᠴᠤᠭ ᠵᠢᠴᠢ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ᠂ ᠰᠢᠯᠢ ᠶᠢᠨ ᠬᠤᠳᠠ ᠶᠢᠨ ᠭᠤᠤᠯ ᠬᠠᠷᠢᠭᠤᠴᠠᠯᠭᠠᠳᠠᠨ ᠪᠠᠷ᠎ᠠ ᠪᠤᠯᠵᠤ ᠪᠠᠶᠢᠴᠠᠭᠠᠨ ᠰᠤᠳᠤᠯᠤᠯᠳᠠ ᠬᠢᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号