ᠵᠧᠩ ᠹᠦ᠋ ᠲᠢᠶᠠᠨ ᠮᠠᠨ ᠤ ᠠᠶᠢᠮᠠᠭ ᠲᠤ ︽ᠰᠤᠶᠤᠯ ᠢ ᠭᠠᠳᠠᠬᠰᠢ ᠭᠠᠷᠭᠠᠬᠤ︾ ᠠᠵᠢᠯ ᠤᠨ ᠳᠤᠬᠠᠢ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2018-06-04
    5 ᠰᠠᠷ᠎ᠠ ᠶᠢᠨ 23᠎ ᠤ ᠡᠳᠦᠷ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠵᠧᠩ ᠹᠦ᠋ ᠲᠢᠶᠠᠨ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠴᠠᠭᠠᠨ ᠰᠤᠳᠤᠯᠬᠤ ᠲᠤᠭᠤᠢᠢᠯᠠᠩ ᠢ ᠲᠠᠭᠠᠭᠤᠯᠤᠨ ᠮᠠᠨ ᠤ ᠠᠶᠢᠮᠠᠭ ᠲᠤ ᠪᠠᠶᠢᠴᠠᠭᠠᠨ ᠰᠤᠳᠤᠯᠤᠯᠲᠠ ᠬᠢᠵᠤ᠂ ᠮᠠᠨ ᠤ ᠠᠶᠢᠮᠠᠭ ᠤᠨ ︽ᠰᠤᠶᠤᠯ ᠢ ᠭᠠᠳᠠᠬᠰᠢ ᠭᠠᠷᠭᠠᠬᠤ︾ ᠠᠵᠢᠯ ᠤᠨ ᠲᠤᠬᠠᠢ ᠬᠠᠷᠢᠭᠤ ᠮᠡᠳᠡᠬᠦᠯᠦᠯᠲᠡ ᠶᠢ ᠰᠤᠨᠤᠰᠪᠠ᠃     ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠵᠠᠩ ᡁᠢ ᠵᠢᠶᠦ᠋ᠨ ᠵᠢᠴᠢ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ᠂ ᠵᠠᠬᠢᠷᠦᠯ ᠬᠤᠷᠠᠯ ᠳᠤ ᠤᠷᠤᠯᠴᠠᠵᠠᠢ᠃         ᠵᠧᠩ ᠹᠦ᠋ ᠲᠢᠶᠠᠨ ᠵᠢᠭᠠᠬᠤ ᠳᠠᠭᠠᠨ᠂ ᠰᠢᠯᠢ ᠶᠢᠨ ᠭᠤᠤᠯ ᠠᠶᠢᠮᠠᠭ ᠤᠨ ᠬᠠᠮᠢᠶ᠎ᠠ ᠪᠦᠬᠦᠢ ᠰᠠᠯᠠᠭ᠎ᠠ ᠮᠦᠴᠢᠷ ᠪᠠ ᠲᠡᠭᠡᠲᠦ ᠰᠤᠷᠭᠠᠭᠤᠯᠢ ᠰᠤᠶᠤᠯ ᠤᠨ ᠠᠵᠢᠯ ᠢ ᠨᠢᠭᠡᠲᠦᠯᠲᠡᠢ ᠲᠦᠯᠦᠪᠯᠡᠬᠦ ᠠᠵᠢᠯ ᠢ ᠰᠠᠶᠢᠳᠤᠷ ᠬᠢᠵᠤ᠂ ᠰᠤᠶᠤᠯ ᠤᠨ ᠦᠢᠯᠡᠰ ᠤᠨ ᠬᠦᠭᠵᠢᠯᠳᠠ ᠶᠢ ᠠᠬᠢᠭᠤᠯᠵᠤ᠂ ︽ᠰᠤᠶᠤᠯ ᠢ ᠭᠠᠳᠠᠬᠰᠢ ᠭᠠᠷᠭᠠᠬᠤ︾ ᠠᠵᠢᠯ ᠤᠨ ᠲᠦᠪᠰᠢᠨ ᠢ ᠲᠡᠭᠡᠭᠰᠢᠯᠡᠬᠦᠯᠵᠤ᠂ ᠦᠪᠡᠷᠲᠡᠭᠡᠨ ᠵᠠᠰᠠᠬᠤ ᠤᠷᠤᠨ ᠤ ᠡᠯ᠎ᠡ ᠲᠠᠯ᠎ᠠ ᠶᠢᠨ ᠦᠢᠯᠡᠰ ᠤᠨ ᠬᠦᠭᠵᠢᠯᠲᠡ ᠳᠤ ᠲᠡᠮᠵᠢᠯᠭᠡ ᠪᠤᠯᠬᠤ ᠭᠡᠷᠡᠭᠲᠡᠢ᠃ ᠦᠨᠳᠤᠰᠤᠲᠡᠨ ᠤ ᠰᠤᠶᠤᠯ ᠢ ᠰᠤᠳᠤᠯᠬᠤ᠂ ᠤᠯᠠᠮᠵᠢᠯᠠᠨ ᠪᠠᠳᠠᠷᠠᠭᠤᠯᠬᠤ ᠪᠠ ᠨᠡᠭᠡᠭᠡᠨ ᠬᠦᠭᠵᠢᠬᠦᠯᠬᠦ ᠶᠢ ᠴᠢᠬᠤᠯᠠᠴᠢᠯᠠᠵᠤ᠂ ᠲᠠᠯ᠎ᠠ ᠨᠤᠳᠤᠭ ᠤᠨ ᠰᠤᠶᠤᠯ ᠢ ᠬᠦᠭᠵᠢᠭᠡᠵᠤ᠂ ᠭᠡᠯᠬᠢᠶᠠᠵᠢᠯ ᠨᠢ ᠤᠷᠳᠤ᠂ ᠦᠷ᠎ᠠ ᠠᠰᠢᠭ ᠨᠢ ᠰᠠᠶᠢᠨ ᠰᠤᠶᠤᠯ ᠤᠨ ᠠᠵᠤ ᠦᠢᠯᠡᠰ ᠤᠨ ᠭᠡᠯᠬᠢᠶᠠᠵᠢᠯ ᠢ ᠪᠠᠶᠢᠭᠤᠯᠵᠤ᠂ ︽ᠰᠤᠶᠤᠯ ᠢ ᠭᠠᠳᠠᠬᠰᠢ ᠭᠠᠷᠭᠠᠬᠤ︾᠎ ᠳᠤ ᠰᠠᠭᠤᠷᠢ ᠲᠠᠯᠪᠢᠬᠤ ᠭᠡᠷᠡᠭᠲᠡᠢ᠃ ᠰᠤᠶᠤᠯ ᠤᠨ ᠡᠬᠢ ᠪᠠᠶᠠᠯᠢᠭ ᠢ ᠪᠦᠲᠦᠮᠵᠢᠲᠡᠢ ᠨᠡᠭᠡᠭᠡᠨ ᠠᠰᠢᠭᠯᠠᠵᠤ᠂ ᠲᠠᠯ᠎ᠠ ᠨᠤᠳᠤᠭ ᠤᠨ ᠰᠤᠶᠤᠯ ᠤᠨ ᠦᠯᠢᠭᠡᠷ ᠢ ᠰᠠᠶᠢᠳᠤᠷ ᠶᠠᠷᠢᠵᠤ ᠤᠯᠠᠮᠵᠢᠯᠠᠨ᠂ ᠦᠨᠳᠤᠰᠤᠲᠡᠨ ᠤ ᠰᠤᠶᠤᠯ ᠤᠨ ᠨᠡᠷᠡᠲᠦ ᠲᠡᠮᠳᠡᠭ ᠢ ᠪᠠᠶᠢᠭᠤᠯᠵᠤ᠂ ᠰᠤᠶᠤᠯ ᠵᠤᠭᠠᠴᠠᠯ ᠤᠨ ᠠᠭᠤᠰᠤᠯᠴᠠᠨ ᠬᠦᠭᠵᠢᠬᠦ ᠶᠢ ᠠᠬᠢᠭᠤᠯᠵᠤ᠂ ᠦᠨᠳᠤᠰᠤᠲᠡᠨ ᠤ ᠰᠤᠶᠤᠯ ᠤᠨ ᠨᠦᠯᠦᠭᠡᠯᠡᠬᠦ ᠬᠦᠴᠦᠨ ᠢ ᠦᠷᠭᠡᠳᠭᠡᠵᠤ᠂ ᠰᠤᠶᠤᠯ ᠤᠨ ᠦᠢᠯᠡᠴᠢᠯᠡᠭᠡᠨ ᠤ ᠴᠢᠳᠠᠪᠤᠷᠢ ᠶᠢ ᠲᠡᠭᠡᠭᠰᠢᠯᠡᠬᠦᠯᠬᠦ ᠭᠡᠷᠡᠭᠲᠡᠢ᠃ ᠤᠯᠠᠮᠵᠢᠯᠠᠯᠳᠤ ᠤᠷ᠎ᠠ ᠮᠡᠷᠭᠡᠵᠢᠯ᠂ ᠦᠨᠳᠤᠰᠤᠲᠡᠨ ᠤ ᠭᠠᠷ ᠤᠷᠠᠯᠠᠯ᠂ ᠠᠷᠠᠳ ᠤᠨ ᠵᠠᠩ ᠦᠢᠯᠡ ᠵᠡᠷᠭᠡ ᠪᠤᠳᠠᠰ ᠤᠨ ᠪᠤᠰᠤ ᠰᠤᠶᠤᠯ ᠤᠨ ᠦᠪ ᠤᠨ ᠡᠬᠢ ᠪᠠᠶᠠᠯᠢᠭ ᠢ ᠠᠭᠤᠳᠠᠯᠯᠠᠵᠤ᠂ ᠰᠤᠶᠤᠯ ᠤᠨ ᠦᠪ ᠤᠨ ᠬᠠᠮᠠᠭᠠᠯᠠᠯᠳᠠ ᠪᠠ ᠠᠰᠢᠭᠯᠠᠯᠳᠠ ᠶᠢ ᠠᠬᠢᠭᠤᠯᠬᠤ ᠭᠡᠷᠡᠭᠲᠡᠢ᠃ ᠰᠤᠶᠤᠯ ᠤᠨ ᠠᠵᠤ ᠦᠢᠯᠡᠰ ᠤᠨ ᠴᠢᠳᠠᠪᠤᠷᠢᠳᠠᠨ ᠢ ᠬᠦᠭᠵᠢᠬᠦᠯᠬᠦ ᠲᠦᠯᠦᠪᠵᠢᠬᠦᠯᠭᠡ ᠶᠢ ᠲᠤᠭᠳᠠᠭᠠᠨ ᠲᠡᠬᠦᠯᠲᠡᠷᠵᠢᠬᠦᠯᠵᠤ᠂ ᠴᠢᠳᠠᠪᠤᠷᠢᠳᠠᠨ ᠢ ᠬᠦᠮᠦᠵᠢᠬᠦᠯᠬᠦ ᠬᠠᠷᠠᠯᠳᠠ᠂ ᠡᠬᠦᠷᠭᠡ ᠪᠠ ᠪᠤᠳᠠᠳᠤ ᠠᠷᠭ᠎ᠠ ᠪᠠᠷᠢᠯ ᠢᠶᠠᠨ ᠲᠤᠭᠳᠠᠭᠠᠬᠤ ᠭᠡᠷᠡᠭᠲᠡᠢ ᠭᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号