ᠮᠠᠨ ᠤ ᠠᠶᠢᠮᠠᠬ ︽ᠵᠠᠰᠠᠭ ᠢ ᠴᠤᠮᠬᠠᠳᠬᠠᠵᠦ ᠡᠷᠬᠡ ᠶᠢ ᠳᠤᠷᠤᠭᠰᠢ ᠳᠠᠯᠪᠢᠬᠤ ᠳᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ ᠦᠢᠯᠡᠴᠢᠯᠡᠭᠡ ᠶᠢ ᠰᠢᠯᠢᠳᠡᠭᠵᠢᠬᠦᠯᠬᠦ︾ ᠦᠬᠡᠷᠡᠴᠢᠯᠡᠯᠲᠡ ᠶᠢ ᠬᠦᠨᠵᠡᠭᠡᠶᠢᠷᠡᠬᠦᠯᠵᠦ ᠠᠵᠦ ᠠᠬᠤᠢ ᠶᠢᠨ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠵᠦ ᠪᠤᠢ
ᠨᠡᠶᠢᠲᠡᠯᠡᠭᠰᠡᠨ ᠴᠠᠭ᠄
2018-06-04
    5 ᠰᠠᠷ᠎ᠠ ᠶᠢᠨ 23᠎ ᠤ ᠡᠳᠦᠷ᠂ ᠰᠤᠷᠪᠤᠯᠵᠢᠯᠠᠭᠴᠢ ᠪᠦᠬᠦ ᠠᠶᠢᠮᠠᠭ ᠤᠨ ︽ᠵᠠᠰᠠᠭ ᠢ ᠴᠤᠮᠬᠠᠳᠬᠠᠵᠦ ᠡᠷᠬᠡ ᠶᠢ ᠳᠤᠷᠤᠭᠰᠢ ᠳᠠᠯᠪᠢᠬᠤ ᠳᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ ᠦᠢᠯᠡᠴᠢᠯᠡᠭᠡ ᠶᠢ ᠰᠢᠯᠢᠳᠡᠭᠵᠢᠬᠦᠯᠬᠦ︾ ᠦᠬᠡᠷᠡᠴᠢᠯᠡᠯᠲᠡ ᠶᠢᠨ ᠠᠵᠢᠯ ᠤᠨ ᠬᠤᠷᠠᠯ ᠠᠴᠠ ᠤᠢᠢᠯᠠᠭᠠᠭᠰᠠᠨ ᠢᠶᠠᠷ᠂ ᠮᠠᠨ ᠤ ᠠᠶᠢᠮᠠᠭ ︽ᠵᠠᠰᠠᠭ ᠢ ᠴᠤᠮᠬᠠᠳᠬᠠᠵᠦ ᠡᠷᠬᠡ ᠶᠢ ᠳᠤᠷᠤᠭᠰᠢ ᠳᠠᠯᠪᠢᠬᠤ ᠳᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ ᠦᠢᠯᠡᠴᠢᠯᠡᠭᠡ ᠶᠢ ᠰᠢᠯᠢᠳᠡᠭᠵᠢᠬᠦᠯᠬᠦ ︾ ᠦᠬᠡᠷᠡᠴᠢᠯᠡᠯᠲᠡ ᠶᠢᠨ ᠠᠵᠢᠯ ᠢ ᠬᠦᠨᠵᠡᠭᠡᠶᠢᠷᠡᠬᠦᠯᠵᠦ᠂ ᠠᠵᠦ ᠠᠬᠤᠢ ᠶᠢᠨ ᠴᠢᠨᠠᠷ ᠰᠠᠶᠢᠲᠠᠢ ᠬᠦᠭᠵᠢᠯᠲᠠ ᠳᠤ ᠴᠢᠩᠭ᠎ᠠ ᠬᠦᠳᠡᠯᠬᠡᠬᠦ ᠬᠦᠴᠦᠨ ᠢ ᠨᠡᠮᠡᠷᠢᠯᠡᠵᠦ ᠪᠠᠶᠢᠨ᠎ᠠ᠃         ᠤᠢᠢᠷ᠎ᠠ ᠶᠢᠨ ᠵᠢᠯ ᠳᠤ᠂ ᠮᠠᠨ ᠤ ᠠᠶᠢᠮᠠᠬ ᠲᠦᠪ ᠬᠤᠷᠢᠶ᠎ᠠ ᠪᠠ ᠥᠪᠡᠷᠲᠡᠭᠡᠨ ᠵᠠᠰᠠᠬᠤ ᠤᠷᠤᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠤᠰᠤᠭᠠᠷ᠂ ᠢᠳᠡᠪᠬᠢᠲᠠᠢ ᠰᠦᠪᠡᠭᠴᠢᠯᠡᠯᠲᠡ ᠬᠢᠵᠦ᠂ ᠠᠵᠢᠯ ᠢᠶᠠᠨ ᠬᠢᠨᠠᠮᠠᠭᠠᠢ ᠦᠷᠨᠢᠬᠦᠯᠵᠦ᠂ ︽ᠵᠠᠰᠠᠭ ᠢ ᠴᠤᠮᠬᠠᠳᠬᠠᠵᠦ ᠡᠷᠬᠡ ᠶᠢ ᠳᠤᠷᠤᠭᠰᠢ ᠳᠠᠯᠪᠢᠬᠤ ᠳᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ ᠦᠢᠯᠡᠴᠢᠯᠡᠭᠡ ᠶᠢ ᠰᠢᠯᠢᠳᠡᠭᠵᠢᠬᠦᠯᠬᠦ︾ ᠠᠵᠢᠯ ᠮᠡᠳᠡᠭᠳᠡᠮ᠎ᠠ ᠠᠮᠵᠢᠯᠲᠠ ᠤᠯᠵᠦ᠂ ᠤᠬᠢ ᠰᠠᠶᠢᠨ ᠪᠡᠯᠡ ᠤᠷᠤᠭᠤᠯᠤᠯᠲᠠ᠂ ᠡᠵᠡᠩᠨᠡᠯᠲᠡ ᠪᠡ ᠵᠠᠰᠠᠭ ᠤᠨ ᠶᠠᠪᠤᠳᠠᠯ ᠤᠨ ᠤᠷᠴᠢᠨ ᠲᠤᠭᠤᠷᠢᠨ ᠢ ᠪᠤᠢ ᠪᠤᠯᠭᠠᠵᠦ᠂ ᠵᠠᠬ᠎ᠠ ᠲᠡᠯᠬᠡᠭᠦᠷ ᠤᠨ ᠠᠮᠢᠵᠢᠷᠠᠯ ᠬᠦᠴᠦᠨ ᠪᠡ ᠨᠡᠶᠢᠬᠡᠮ ᠤᠨ ᠡᠬᠦᠳᠦᠨ ᠪᠦᠲᠦᠭᠡᠬᠦ ᠴᠢᠳᠠᠪᠤᠷᠢ ᠶᠢ ᠬᠦᠭᠵᠢᠭᠡᠪᠡ᠃         ᠲᠠᠷᠠᠭᠠᠴᠢ ᠶᠢᠨ ᠠᠯᠬᠤᠮ ᠳᠤ᠂ ᠮᠠᠨ ᠤ ᠠᠶᠢᠮᠠᠭ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠨᠢᠬᠡᠨ ᠲᠤᠤᠷ ︾ ᠎ ᠲᠤ ᠬᠠᠮᠤᠷᠴᠦ᠂ ᠰᠤᠷᠠᠭ ᠴᠢᠮᠡᠭᠡ ᠶᠢᠨ ᠡᠬᠢ ᠪᠠᠶᠠᠯᠢᠭ ᠢ ᠨᠡᠶᠢᠳᠭᠡᠨ ᠬᠠᠮᠲᠤᠪᠡᠷ ᠡᠳ᠋ᠯᠠᠵᠦ᠂ ︽ᠲᠤᠤᠷ ᠰᠦᠯᠵᠢᠶ᠎ᠠ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢᠨ ᠲᠠᠪᠴᠠᠩ ᠢ ᠦᠷᠭᠡᠨ ᠢᠶᠠᠷ ᠲᠡᠯᠭᠡᠷᠡᠬᠦᠯᠵᠦ᠂ ᠬᠦᠮᠦᠨ ᠠᠮᠠ᠂ ᠬᠠᠤᠯᠢ ᠶᠢᠨ ᠡᠷᠭᠡᠳᠡᠨ᠂ ᠪᠠᠶᠢᠭᠠᠯᠢ ᠶᠢᠨ ᠡᠬᠢ ᠪᠠᠶᠠᠯᠢᠭ ᠪᠠ ᠭᠠᠵᠠᠷ ᠵᠦᠢ ᠶᠢᠨ ᠤᠷᠤᠨ ᠵᠠᠢ᠂ ᠪᠠᠷᠢᠯᠭ᠎ᠠ᠂ ᠬᠤᠷᠸ᠎ᠠ ᠠᠵᠦ ᠠᠬᠤᠢ᠂ ᠨᠡᠶᠢᠬᠡᠮ ᠤᠨ ᠢᠳᠡᠭᠡᠮᠵᠢ᠂ ᠡᠯᠧᠺᠳ᠋ᠷᠤᠨ ᠦᠨᠡᠮᠯᠡᠯ ᠤᠨ ᠬᠡᠷᠡᠯ ᠵᠢᠷᠤᠭ᠂ ᠰᠤᠶᠤᠯ ᠤᠨ ᠰᠤᠷᠠᠭ ᠴᠢᠮᠡᠭᠡ ᠵᠡᠷᠭᠡ ᠨᠠᠢᠮᠠᠨ ᠶᠡᠭᠡ ᠰᠠᠭᠤᠷᠢ ᠲᠤᠭ᠎ᠠ ᠪᠠᠷᠢᠮᠳᠠ ᠶᠢ ᠳ᠋ᠠᠶᠢᠲ᠋ᠠ ᠬᠦᠮᠦᠷᠭᠡ ᠳᠤ ᠤᠷᠤᠭᠤᠯᠬᠤ ᠶᠢ ᠠᠬᠢᠭᠤᠯᠤᠨ᠎ᠠ︔ ᠲᠡᠭᠡᠷ᠎ᠡ ᠬᠠᠭᠠᠰ ᠵᠢᠯ ᠳᠤ᠂ ᠠᠶᠢᠮᠠᠭ ᠤᠨ ᠰᠢᠭᠤᠳ ᠬᠠᠷᠢᠶ᠎ᠠ 48 ᠰᠠᠯᠠᠭ᠎ᠠ ᠮᠥᠴᠢᠷ᠂ ᠪᠠᠶᠢᠭᠤᠯᠭ᠎ᠠ ᠨᠢᠬᠡᠴᠡ ᠶᠢᠨ ᠰᠤᠷᠠᠭ ᠴᠢᠮᠡᠭᠡ ᠶᠢ ᠨᠡᠶᠢᠳᠭᠡᠨ ᠬᠠᠮᠲᠤᠪᠡᠷ ᠡᠳ᠋ᠯᠡᠨ᠎ᠠ︔ ᠵᠢᠯ ᠤᠨ ᠡᠴᠦᠰ ᠠᠴᠠ ᠡᠮᠦᠨ᠎ᠠ᠂ ᠬᠤᠰᠢᠭᠤ ᠰᠢᠶᠠᠨ ᠬᠤᠲᠠ ︵ᠤᠷᠤᠨ︶᠎ ᠶᠢᠨ ᠵᠠᠰᠠᠭ ᠤᠨ ᠶᠠᠪᠤᠳᠠᠯ ᠤᠨ ᠰᠤᠷᠠᠭ ᠴᠢᠮᠡᠭᠡ ᠶᠢ ᠬᠠᠮᠲᠤᠪᠡᠷ ᠡᠳ᠋ᠯᠡᠬᠦ ᠶᠢ ᠪᠡᠶᠡᠯᠡᠬᠦᠯᠦᠨ᠎ᠠ᠃ ᠪᠦᠬᠦ ᠠᠶᠢᠮᠠᠭ ᠤᠨ ᠨᠢᠭᠡᠳᠦᠯᠲᠠᠢ ᠡᠯᠧᠺᠳ᠋ᠷᠦᠨ ᠦᠨᠡᠮᠯᠡᠯ ᠤᠨ ᠭᠡᠷᠡᠯ ᠵᠢᠷᠤᠭ ᠤᠨ ᠬᠦᠮᠦᠷᠭᠡ ᠶᠢ ᠪᠠᠶᠢᠭᠤᠯᠵᠦ᠂ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠵᠦ ᠠᠬᠤᠢᠢᠯᠠᠯ᠂ ᠨᠡᠶᠢᠬᠡᠮ ᠤᠨ ᠬᠡᠷᠡᠭ ᠶᠠᠪᠤᠳᠠᠯ᠂ ᠪᠡᠯᠡ ᠤᠷᠤᠭᠤᠯᠤᠯᠲᠠ ᠶᠢ ᠬᠢᠨᠠᠨ ᠵᠦᠪᠰᠢᠶᠡᠷᠡᠬᠦ ᠵᠡᠷᠭᠡ ᠠᠵᠢᠯ ᠲᠦᠷᠦᠯ ᠤᠨ ᠲᠤᠭᠤᠷᠢᠨ ᠳᠤ ᠡᠯᠧᠺᠳ᠋ᠷᠦᠨ ᠦᠨᠡᠮᠯᠡᠯ ᠤᠨ ᠬᠡᠷᠡᠯ ᠵᠢᠷᠤᠭ ᠵᠢᠴᠢ ᠡᠯᠧᠺᠲᠷᠦᠨ ᠪᠢᠴᠢᠭ ᠮᠡᠲ᠋ᠧᠷᠢᠶᠠᠯ ᠤᠨ ᠬᠡᠷᠡᠭᠯᠡᠬᠡᠨ ᠤ ᠦᠢᠯᠡᠴᠢᠯᠡᠭᠡ ᠶᠢ ᠨᠢᠬᠡᠳᠦᠯᠲᠠᠢ ᠪᠤᠯᠭᠠᠨ᠎ᠠ︔ ᠲᠤᠤᠷ ᠰᠦᠯᠵᠢᠶᠠᠨ ᠤ ᠰᠠᠭᠤᠷᠢ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠬᠦᠯᠵᠦ᠂ ᠵᠠᠰᠠᠭ ᠤᠨ ᠶᠠᠪᠤᠳᠠᠯ ᠤᠨ ᠰᠦᠯᠵᠢᠶ᠎ᠠ ᠶᠢ ᠭᠠᠴᠠᠭ᠎ᠠ ᠲᠤᠰᠬᠤᠨ ᠳᠤ ᠨᠡᠪᠳᠡᠷᠡᠬᠦᠯᠬᠦ ᠶᠢ ᠠᠬᠢᠭᠤᠯᠬᠤ ᠪᠤᠯᠤᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号