ᠠᠶᠢᠮᠠᠭ ᠤᠨ ᠨᠠᠮ ᠤᠨ ᠬᠤᠷᠢᠶ᠎ᠠ 2018 ᠤᠨ ᠤ 10 ᠳ᠋ᠤᠭᠠᠷ ᠤᠳᠠᠭᠠᠨ ᠤ ᠭᠡᠰᠢᠬᠦᠳ ᠤᠨ ᠬᠤᠷᠠᠯ ᠬᠤᠷᠠᠯᠳᠤᠭᠤᠯᠵᠤ ᠪᠦᠬᠦ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2018/6/4
    5 ᠰᠠᠷ᠎ᠠ ᠶᠢᠨ 30᠎ ᠤ ᠡᠳᠦᠷ᠂ ᠠᠶᠢᠮᠠᠭ ᠤᠨ ᠨᠠᠮ ᠤᠨ ᠬᠤᠷᠢᠶ᠎ᠠ 2018 ᠤᠨ ᠤ 10 ᠳ᠋ᠤᠭᠠᠷ ᠤᠳᠠᠭᠠᠨ ᠤ ᠭᠡᠰᠢᠬᠦᠳ ᠤᠨ ᠬᠤᠷᠠᠯ ᠬᠤᠷᠠᠯᠳᠤᠭᠤᠯᠵᠤ᠂ ᠪᠦᠬᠦ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃         ᠬᠤᠷᠠᠯ ᠠᠴᠠ ᠵᠢᠭᠠᠬᠤ ᠳᠠᠭᠠᠨ᠂ ᠪᠦᠬᠦ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠠᠶᠢᠳᠤᠷ ᠰᠤᠷᠤᠯᠴᠠᠨ ᠤᠬᠠᠭᠤᠯᠤᠨ ᠲᠤᠤᠱᠯᠠᠭᠤᠯᠬᠤ ᠪᠤᠯ ᠤᠳᠤᠬᠠᠨ ᠪᠠ ᠬᠤᠶᠢᠰᠢᠳᠠ ᠶᠢᠨ ᠨᠢᠭᠡᠨ ᠬᠤᠭᠤᠴᠠᠭᠠᠨ ᠤ ᠴᠢᠬᠤᠯᠠ ᠤᠯᠤᠰ ᠲᠦᠷᠦ ᠶᠢᠨ ᠡᠬᠦᠷᠭᠡ ᠪᠠᠶᠢᠵᠤ᠂ ᠪᠦᠬᠦ ᠠᠶᠢᠮᠠᠭ ᠲᠠᠶᠠᠭᠠᠷ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠡᠵᠡᠮᠳᠠᠵᠤ᠂ ︽ᠲᠦᠷᠪᠡᠨ ᠤᠬᠠᠮᠰᠠᠷ︾᠎ ᠢᠶᠠᠨ ᠴᠢᠩᠭᠠᠳᠬᠠᠵᠤ᠂ ᠡᠯ᠎ᠡ ᠲᠠᠯ᠎ᠠ ᠶᠢᠨ ᠨᠠᠶᠢᠳᠠᠪᠤᠷᠢᠵᠢᠯᠳᠠ ᠶᠢ ᠠᠳᠬᠤᠵᠤ᠂ ᠪᠦᠬᠦ ᠠᠶᠢᠮᠠᠭ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠰᠢᠨ᠎ᠠ ᠪᠠᠶᠢᠳᠠᠯ ᠢ ᠡᠬᠦᠳᠬᠦ ᠭᠡᠷᠡᠭᠲᠡᠢ ᠭᠡᠪᠡ᠃         ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠦᠢᠯᠠᠭᠠᠵᠤ᠂ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠵᠢᠯ ᠳᠠᠬᠢ ᠴᠢᠬᠤᠯᠠ ᠱᠠᠭᠠᠷᠳᠠᠯᠭ᠎ᠠ ᠶᠢ ᠬᠦᠨᠵᠡᠭᠡᠢ ᠡᠵᠡᠮᠳᠠᠵᠤ᠂ ᠬᠦᠭᠡᠮᠲᠦᠭ ᠨᠤᠭᠤᠭᠠᠨ ᠠᠭᠤᠯᠠ ᠤᠰᠤ ᠪᠤᠯ ᠲᠠᠷᠦᠢ ᠠᠯᠳᠠ ᠮᠦᠩᠬᠦᠨ ᠠᠭᠤᠯᠠ ᠮᠦᠨ ᠭᠡᠬᠦ ᠦᠢᠯᠠᠭᠠᠭᠳᠠᠬᠤᠨ ᠢ ᠪᠤᠢ ᠪᠤᠯᠭᠠᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢ ᠪᠦᠬᠦ ᠤᠷᠤᠨ ᠤ ᠡᠮᠦᠨ᠎ᠡ ᠡᠩᠨᠡᠭᠡᠨ ᠳᠤ ᠤᠷᠤᠭᠤᠯᠵᠤ᠂ ᠡᠭᠡ ᠤᠯᠤᠰ ᠤᠨ ᠤᠮᠠᠷᠠᠳᠤ ᠬᠢᠯᠢ ᠶᠢᠨ ᠠᠮᠤᠷ ᠲᠦᠪᠰᠢᠨ ᠠᠮᠢ ᠠᠬᠤᠢ ᠶᠢᠨ ᠬᠠᠯᠬᠠᠪᠴᠢ ᠶᠢ ᠪᠠᠳᠤ ᠴᠤᠭᠴᠠᠯᠠᠬᠤ ᠭᠡᠷᠡᠭᠲᠡᠢ ᠃ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠪᠦᠲᠦᠭᠡᠨ ᠪᠠᠶᠢᠭᠤᠯᠤᠯᠲᠠ ᠶᠢ ᠠᠳᠬᠤᠵᠤ᠂ ᠤᠷᠳᠤ ᠬᠤᠭᠤᠴᠠᠭᠠᠨ ᠤ ᠲᠤᠭᠳᠠᠴᠠ ᠶᠢ ᠪᠠᠶᠢᠭᠤᠯᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠳᠠ ᠶᠢᠨ ᠦᠷ᠎ᠠ ᠪᠦᠲᠦᠭᠡᠯ ᠢ ᠪᠠᠳᠤᠳᠬᠠᠬᠤ ᠭᠡᠷᠡᠭᠲᠡᠢ᠃ ᠪᠤᠬᠢᠷᠲᠦᠯ ᠢ ᠰᠡᠷᠭᠡᠶᠢᠯᠡᠨ ᠵᠠᠰᠠᠬᠤ ᠲᠠᠶᠢᠯᠠᠯᠳᠤᠭᠠᠨ ᠢ ᠰᠠᠶᠢᠳᠤᠷ ᠬᠢᠵᠤ᠂ ᠤᠷᠴᠢᠨ ᠲᠤᠭᠤᠷᠢᠨ ᠤ ᠶᠠᠰᠤ ᠴᠢᠨᠠᠷ ᠢ ᠦᠷᠬᠦᠯᠵᠢᠯᠡᠨ ᠰᠠᠶᠢᠵᠢᠷᠠᠭᠤᠯᠬᠤ ᠭᠡᠷᠡᠭᠲᠡᠢ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠬᠠᠷᠢᠭᠤᠴᠠᠯᠭ᠎ᠠ ᠪᠠᠨ ᠴᠢᠩᠭᠠᠳᠬᠠᠵᠤ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢ ᠱᠠᠭᠠᠷᠳᠠᠨ ᠪᠠᠶᠢᠴᠠᠭᠠᠬᠤ ᠲᠤᠭᠤᠢᠢᠯᠠᠩ ᠤᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ᠂ ᠴᠢᠨᠠᠷ ᠰᠠᠶᠢᠳᠠᠢ ᠴᠡᠭᠴᠡᠯᠡᠨ ᠰᠠᠶᠢᠵᠢᠷᠠᠭᠤᠯᠤᠭᠰᠠᠨ ᠦᠷ᠎ᠠ ᠪᠦᠲᠦᠭᠡᠯ ᠭᠠᠷᠭᠠᠬᠤ ᠭᠡᠷᠡᠭᠲᠡᠢ ᠭᠡᠪᠡ᠃         ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号