ᠯᠦᠸᠧ ᠬᠤ᠋ ᠽᠠᠢ ᠪᠦᠯᠬᠦᠮ ᠲᠠᠭᠠᠭᠤᠯᠤᠨ ᠵᠧᠵᠢᠶᠠᠩ ᠱᠠᠩᠬᠠᠢ ᠳᠤ ᠰᠢᠨᠵᠢᠯᠡᠨ ᠪᠠᠶᠢᠴᠠᠭᠠᠯᠳᠠ ᠬᠢᠵᠤ ᠲᠦᠷᠦᠯ ᠵᠦᠢᠯ ᠤᠨ ᠲᠤᠬᠠᠢ ᠵᠦᠪᠳᠡᠯᠴᠡᠬᠦ ᠦᠶ᠎ᠠ ᠳᠡᠭᠡᠨ ᠴᠢᠬᠤᠯᠠᠴᠢᠯᠠᠬᠰᠠᠨ ᠨᠢ ᠰᠢᠨ᠎ᠠ ᠬᠠᠭᠤᠴᠢᠨ ᠬᠦᠳᠡᠯᠭᠡᠬᠦ ᠡᠨᠧᠷᠬᠢ ᠶᠢᠨ ᠰᠤᠯᠢᠭᠳᠠᠯ ᠢ ᠲᠦᠷᠭᠡᠳᠭᠡᠬᠦ ᠲᠤᠮᠳᠠ ᠲᠤᠬᠢᠶᠠᠯ ᠢ ᠠᠳᠬᠤᠵᠤ ᠲᠠᠪᠠᠭᠤᠯᠢᠭ ᠢᠶᠠᠨ ᠪᠠᠳᠠᠷᠠᠭᠤᠯᠵᠦ ᠬᠦᠭᠵᠢᠯᠲᠡ ᠶᠢᠨ ᠴᠢᠨᠠᠷᠵᠢᠯ ᠢ ᠲᠡᠭᠡᠭᠰᠢᠯᠡᠬᠦᠯᠬᠦ ᠭᠡᠷᠡᠭᠲᠡᠢ
ᠨᠡᠶᠢᠲᠡᠯᠡᠭᠰᠡᠨ ᠴᠠᠭ᠄
2018/6/4
    ᠪᠦᠬᠦ ᠤᠷᠤᠨ ᠤ ᠰᠢᠨ᠎ᠠ ᠬᠠᠭᠤᠴᠢᠨ ᠬᠦᠳᠡᠯᠭᠡᠬᠦ ᠡᠨᠧᠷᠬᠢ ᠶᠢᠨ ᠰᠤᠯᠢᠭᠳᠠᠯ ᠢ ᠲᠦᠷᠭᠡᠳᠭᠡᠵᠤ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠲᠡ ᠶᠢ ᠠᠬᠢᠭᠤᠯᠬᠤ ᠲᠤᠬᠠᠢ ᠶᠢᠨ ᠭᠠᠵᠠᠷ ᠤᠨ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠦᠯᠦᠭᠡ᠂ 5 ᠰᠠᠷ᠎ᠠ ᠶᠢᠨ 26᠎ ᠠᠴᠠ 28᠎ ᠤ ᠡᠳᠦᠷ ᠪᠤᠯᠳᠠᠯ᠎ᠠ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠰᠢᠨᠵᠢᠯᠡᠨ ᠪᠠᠶᠢᠴᠠᠭᠠᠬᠤ ᠪᠦᠯᠬᠦᠮ ᠲᠠᠭᠠᠭᠤᠯᠤᠨ ᠵᠧᠵᠢᠶᠠᠩ ᠱᠠᠩᠬᠠᠢ ᠳᠤ ᠬᠦᠷᠴᠤ ᠲᠦᠷᠦᠯ ᠵᠦᠢᠯ ᠤᠨ ᠲᠤᠬᠠᠢ ᠵᠦᠪᠳᠡᠯᠴᠡᠪᠡ᠃ ᠲᠡᠷᠡ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠡᠯ᠎ᠡ ᠰᠠᠯᠠᠭ᠎ᠠ ᠮᠦᠴᠢᠷ ᠬᠠᠷᠢᠭᠤᠴᠠᠯᠭᠠᠳᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠲᠠᠪᠠᠭᠤᠯᠢᠭ ᠲᠠᠭᠠᠨ ᠰᠠᠭᠤᠷᠢᠯᠠᠨ᠂ ᠬᠠᠷᠠᠭ᠎ᠠ ᠪᠠᠨ ᠦᠷᠭᠡᠳᠭᠡᠵᠤ ᠠᠷᠠᠯᠵᠢᠶᠠᠴᠢᠨ ᠤᠷᠢᠵᠤ ᠪᠡᠯᠡ ᠲᠠᠳᠠᠬᠤ ᠡᠷᠴᠢᠮ ᠢᠶᠠᠨ ᠴᠢᠩᠭᠠᠷᠠᠭᠤᠯᠵᠤ᠂ ᠭᠤᠤᠯᠳᠠᠯᠭᠠᠳᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠰᠢᠨ᠎ᠠ ᠬᠠᠭᠤᠴᠢᠨ ᠬᠦᠳᠡᠯᠭᠡᠬᠦ ᠡᠨᠧᠷᠬᠢ ᠶᠢᠨ ᠰᠤᠯᠢᠭᠳᠠᠯ ᠢ ᠲᠦᠷᠭᠡᠳᠭᠡᠬᠦ ᠲᠤᠮᠳᠠ ᠠᠵᠠ ᠲᠤᠬᠢᠶᠠᠯ ᠢ ᠠᠳᠬᠤᠵᠤ᠂ ᠬᠦᠭᠵᠢᠯᠲᠡ ᠶᠢᠨ ᠲᠠᠪᠠᠭᠤᠯᠢᠭ ᠢ ᠪᠤᠶᠢᠵᠢᠭᠤᠯᠵᠤ᠂ ᠬᠦᠭᠵᠢᠯᠲᠡ ᠶᠢᠨ ᠴᠢᠨᠠᠷᠵᠢᠯ ᠢ ᠲᠡᠭᠡᠭᠰᠢᠯᠡᠬᠦᠯᠵᠤ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠭᠡᠷᠡᠭᠲᠡᠢ ᠭᠡᠪᠡ᠃         26᠎ ᠤ ᠡᠳᠦᠷ᠂ ᠰᠢᠨᠵᠢᠯᠡᠨ ᠪᠠᠶᠢᠴᠠᠭᠠᠬᠤ ᠪᠦᠯᠬᠦᠮ ᠱᠤᠤᠰᠢᠩ ᠳᠤ ᠵᠧᠵᠢᠶᠠᠩ ᠤᠨ ᠵᠠᠨ ᠸᠠᠩ ᠪᠦᠯᠦᠭᠯᠡᠯ ᠤᠨ ᠬᠠᠮᠢᠶ᠎ᠠ ᠪᠦᠬᠦᠢ ᠠᠵᠤ ᠠᠬᠤᠢᠢᠯᠠᠯ ᠳᠤ ᠰᠢᠨᠵᠢᠯᠡᠨ ᠪᠠᠶᠢᠴᠠᠭᠠᠯᠳᠠ ᠬᠢᠵᠤ᠂ ᠠᠵᠤ ᠠᠬᠤᠢᠢᠯᠠᠯ ᠤᠨ ᠬᠠᠷᠢᠭᠤᠴᠠᠯᠭᠠᠳᠠᠨ ᠲᠠᠢ ᠵᠦᠪᠳᠡᠯᠴᠡᠭᠡ ᠬᠢᠪᠡ᠃ ᠵᠠᠨ ᠸᠠᠩ ᠪᠦᠯᠦᠭᠯᠡᠯ ᠨᠢᠩᠰᠢᠶᠠ ᠶᠢᠨ ᠬᠠᠩ ᠰᠢᠶᠤᠤ ᠺᠤᠮᠫᠠᠨᠢ ᠲᠠᠢ ᠬᠠᠮᠳᠤᠷᠠᠨ ᠲᠠᠶᠢᠹᠦᠰᠧ ᠬᠤᠰᠢᠭᠤᠨ ᠳᠤ 20 ᠳ᠋ᠦᠩᠰᠢᠭᠤᠷ ᠲᠦᠬᠦᠷᠢᠭ ᠪᠡᠯᠡ ᠤᠷᠤᠭᠤᠯᠤᠨ ᠵᠤᠬᠢᠶᠠᠮᠠᠯ ᠠᠯᠮᠠᠰ ᠴᠢᠯᠠᠭᠤ ᠶᠢᠨ ᠲᠦᠷᠦᠯ ᠵᠦᠢᠯ ᠢ ᠪᠦᠲᠦᠭᠡᠨ ᠪᠠᠶᠢᠭᠤᠯᠬᠤ᠂ 13.2 ᠳ᠋ᠦᠩᠰᠢᠭᠤᠷ ᠲᠦᠬᠦᠷᠢᠭ ᠪᠡᠯᠡ ᠤᠷᠤᠭᠤᠯᠤᠨ ᠮᠠᠰᠢᠨ ᠲᠡᠷᠭᠡᠨ ᠤ ᠬᠤᠯᠬᠤᠪᠴᠢ ᠦᠢᠯᠡᠳᠪᠤᠷᠢᠯᠡᠬᠦ ᠲᠦᠷᠦᠯ ᠵᠦᠢᠯ ᠢ ᠪᠠᠶᠢᠭᠤᠯᠬᠤ ᠪᠠᠷ ᠲᠦᠯᠦᠪᠯᠡᠪᠠ᠃ ᠯᠦᠸᠧ ᠬᠤ᠋ ᠽᠠᠢ ᠢᠯᠡᠷᠭᠡᠶᠢᠯᠡᠬᠦ ᠳᠡᠭᠡᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠲᠦᠷᠦᠯ ᠵᠦᠢᠯ ᠤᠨ ᠲᠠᠶᠢᠹᠦᠰᠧ ᠬᠤᠰᠢᠭᠤᠨ ᠳᠤ ᠨᠤᠳᠤᠭᠰᠢᠬᠤ ᠶᠢ ᠪᠦᠬᠦ ᠬᠦᠴᠦᠨ ᠢᠶᠠᠷ ᠲᠠᠮᠵᠢᠵᠤ᠂ ᠲᠦᠷᠦ ᠶᠢᠨ ᠪᠤᠳᠤᠯᠭ᠎ᠠ᠂ ᠰᠠᠭᠤᠷᠢ ᠲᠦᠬᠦᠭᠡᠷᠦᠮᠵᠢ ᠶᠢ ᠪᠦᠷᠢᠯᠳᠦᠬᠦᠯᠬᠦ ᠦᠢᠯᠡᠴᠢᠯᠡᠭᠡ ᠵᠡᠷᠭᠡ ᠲᠠᠯ᠎ᠠ ᠳᠤ ᠲᠠᠮᠵᠢᠯᠭᠡ ᠦᠵᠡᠬᠦᠯᠵᠤ᠂ ᠲᠦᠷᠦᠯ ᠵᠦᠢᠯ ᠤᠨ ᠡᠷᠲᠡ ᠪᠠᠶᠢᠭᠤᠯᠤᠭᠳᠠᠬᠤ ᠶᠢ ᠠᠬᠢᠭᠤᠯᠤᠨ᠎ᠠ ᠭᠡᠪᠡ᠃     27᠎ ᠤ ᠡᠳᠦᠷ᠂ ᠰᠢᠨᠵᠢᠯᠡᠨ ᠪᠠᠶᠢᠴᠠᠭᠠᠬᠤ ᠪᠦᠯᠬᠦᠮ ᠵᠢᠶᠠ ᠰᠢᠩ ᠬᠤᠳᠠ ᠳᠤ ᠤᠷᠢᠳ ᠬᠤᠵᠢᠳ ᠫᠦ᠋ ᠶᠤᠸᠠᠨ ᠨᠤᠤᠰᠤᠨ ᠨᠡᠭᠡᠮᠡᠯ ᠤᠨ ᠰᠢᠨ᠎ᠠ ᠶᠢ ᠡᠬᠦᠳᠬᠦ ᠠᠵᠤ ᠦᠢᠯᠡᠰ ᠤᠨ ᠲᠤᠭᠤᠷᠢᠭ᠂ ᠵᠧᠵᠢᠶᠠᠩ ᠤᠨ ᠲᠤ ᠬᠤᠸᠠᠩ ᠨᠤᠤᠰᠤᠨ ᠨᠡᠭᠡᠮᠡᠯ ᠤᠨ ᠺᠤᠮᠫᠠᠨᠢ᠂ ᠵᠧᠵᠢᠶᠠᠩ ᠤᠨ ᠯᠦ ᠸᠠᠩ ᠪᠡᠯᠡ ᠤᠷᠤᠭᠤᠯᠤᠯᠲᠠ ᠶᠢᠨ ᠺᠤᠮᠫᠠᠨᠢ ᠵᠡᠷᠭᠡ ᠠᠵᠤ ᠠᠬᠤᠢᠢᠯᠠᠯ ᠳᠤ ᠬᠦᠷᠴᠤ ᠪᠠᠶᠢᠳᠠᠯ ᠦᠢᠯᠠᠭᠠᠵᠠᠢ᠃ ᠯᠦᠸᠧ ᠬᠤ᠋ ᠽᠠᠢ ᠢᠯᠡᠷᠭᠡᠶᠢᠯᠡᠬᠦ ᠳᠡᠭᠡᠨ᠂ ᠵᠢᠶᠠ ᠰᠢᠩ ᠤᠨ ᠲᠠᠯ᠎ᠠ ᠶᠢᠨ ᠬᠢᠨ ᠠᠵᠤ ᠠᠬᠤᠢᠢᠯᠠᠯᠳᠠᠨ ᠢ ᠵᠤᠬᠢᠶᠠᠨ ᠪᠠᠶᠢᠭᠤᠯᠵᠤ ᠰᠢᠯᠢ ᠶᠢᠨ ᠭᠤᠤᠯ ᠠᠶᠢᠮᠠᠭ ᠲᠤ ᠰᠢᠨᠵᠢᠯᠡᠨ ᠪᠠᠶᠢᠴᠠᠭᠠᠵᠤ ᠵᠦᠪᠳᠡᠯᠴᠡᠭᠡ ᠬᠢᠵᠤ᠂ ᠬᠤᠶᠠᠷ ᠭᠠᠵᠠᠷ ᠤᠨ ᠨᠤᠤᠰᠤ ᠨᠤᠯᠤᠤᠷ ᠤᠨ ᠠᠵᠤ ᠦᠢᠯᠡᠰ ᠤᠨ ᠬᠠᠮᠳᠤᠷᠠᠯᠴᠠᠭ᠎ᠠ ᠶᠢ ᠠᠬᠢᠭᠤᠯᠵᠤ᠂ ᠨᠤᠤᠰᠤ ᠨᠤᠯᠤᠤᠷ ᠤᠨ ᠠᠵᠤ ᠦᠢᠯᠡᠰ ᠤᠨ ᠰᠢᠨ᠎ᠠ ᠠᠷᠠᠯᠵᠢᠶᠠᠨ ᠤ ᠲᠤᠬᠢᠶᠠᠯ ᠢ ᠬᠠᠮᠳᠤᠪᠠᠷ ᠦᠷᠭᠡᠳᠭᠡᠬᠦ ᠶᠢ ᠬᠦᠰᠡᠵᠤ ᠪᠠᠶᠢᠨ᠎ᠠ᠃ ᠰᠦᠨᠢᠳ ᠪᠠᠷᠠᠭᠤᠨ ᠬᠤᠰᠢᠭᠤ ᠵᠡᠷᠭᠡ ᠭᠠᠵᠠᠷ ᠤᠷᠤᠨ ᠨᠤᠤᠰᠤ ᠨᠤᠯᠤᠤᠷ ᠤᠨ ᠡᠬᠢ ᠪᠠᠶᠠᠯᠢᠭ ᠲᠠᠭᠠᠨ ᠲᠦᠰᠢᠭᠯᠡᠨ᠂ ᠨᠤᠤᠰᠤᠨ ᠨᠡᠭᠡᠮᠡᠯ ᠤᠨ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠶᠢ ᠠᠬᠢᠭᠤᠯᠵᠤ᠂ ᠪᠦᠲᠦᠭᠡᠭᠲᠡᠬᠦᠨ ᠤ ᠵᠠᠬ᠎ᠠ ᠲᠡᠯᠭᠡᠬᠦᠷ ᠤᠨ ᠨᠦᠯᠦᠭᠡᠯᠡᠬᠦ ᠬᠦᠴᠦᠨ ᠢ ᠦᠷᠭᠡᠳᠭᠡᠵᠤ᠂ ᠦᠷᠢᠰᠦᠯᠳᠦᠭᠡᠨ ᠤ ᠰᠢᠨ᠎ᠠ ᠲᠠᠪᠠᠭᠤᠯᠢᠭ ᠢ ᠡᠬᠦᠳᠬᠦ ᠭᠡᠷᠡᠭᠲᠡᠢ ᠭᠡᠪᠡ᠃         ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠰᠢᠨᠵᠢᠯᠡᠨ ᠪᠠᠶᠢᠴᠠᠭᠠᠬᠤ ᠪᠦᠯᠬᠦᠮ ᠵᠧᠵᠢᠶᠠᠩ ᠮᠤᠵᠢ ᠳᠠᠬᠢ ᠦᠪᠦᠷ ᠮᠤᠩᠭᠤᠯ ᠤᠨ ᠬᠤᠳᠠᠯᠳᠤᠭᠠᠴᠢᠳ ᠤᠨ ᠡᠪᠯᠡᠯ ᠲᠠᠢ ᠶᠠᠷᠢᠯᠴᠠᠬᠤ ᠬᠤᠷᠠᠯ ᠬᠢᠪᠠ᠃         ᠠᠶᠢᠮᠠᠭ ᠤᠨ ᠳᠡᠳ᠋ ᠲᠠᠷᠤᠭ᠎ᠠ ᠮᠧᠩ ᠵᠤᠤ ᠵᠢᠶᠦ᠋ᠨ ᠵᠢᠴᠢ ᠠᠶᠢᠮᠠᠭ ᠤᠨ ᠠᠵᠤ ᠠᠬᠤᠢ ᠮᠡᠳᠡᠭᠡ ᠵᠠᠩᠬᠢᠵᠢᠯᠳᠠ ᠶᠢᠨ ᠵᠦᠪᠯᠡᠯ᠂ ᠰᠢᠯᠢ ᠶᠢᠨ ᠬᠤᠳᠠ᠂ ᠲᠠᠶᠢᠹᠦᠰᠧ ᠬᠤᠰᠢᠭᠤ᠂ ᠰᠦᠨᠢᠳ ᠪᠠᠷᠠᠭᠤᠨ ᠬᠤᠰᠢᠭᠤᠨ ᠤ ᠬᠠᠮᠢᠶ᠎ᠠ ᠪᠦᠬᠦᠢ ᠬᠠᠷᠢᠭᠤᠴᠠᠯᠭᠠᠳᠠᠨ ᠤᠷᠤᠯᠴᠠᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号