ᠾᠦᠸᠧ ᠵᠤᠤ ᠯᠢᠶᠠᠩ ᠠᠶᠢᠮᠠᠭ ᠤᠨ ᠵᠠᠬᠢᠷᠭ᠎ᠠ ᠶᠢᠨ 2018 ᠤᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠲᠡᠭᠡᠷ᠎ᠡ ᠴᠢᠬᠤᠯᠠᠴᠢᠯᠠᠭᠰᠠᠨ ᠨᠢ ᠡᠬᠦᠷᠭᠡ ᠬᠠᠷᠢᠭᠤᠴᠠᠯᠭ᠎ᠠ ᠪᠠᠨ ᠴᠢᠩᠭᠠᠳᠬᠠᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠲᠤᠰᠬᠠᠢ ᠲᠦᠷᠦᠯ ᠤᠨ ᠠᠵᠢᠯ ᠢ ᠪᠦᠬᠦ ᠬᠦᠴᠦᠨ ᠢᠶᠠᠷ ᠠᠬᠢᠭᠤᠯᠬᠤ ᠭᠡᠷᠡᠭᠲᠡᠢ
ᠨᠡᠶᠢᠲᠡᠯᠡᠭᠰᠡᠨ ᠴᠠᠭ᠄
2018/6/4
    5 ᠰᠠᠷ᠎ᠠ ᠶᠢᠨ 28᠎ ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠳᠠᠷᠤᠭ᠎ᠠ ᠾᠦᠸᠧ ᠵᠤᠤ ᠯᠢᠶᠠᠩ ᠠᠶᠢᠮᠠᠭ ᠤᠨ ᠵᠠᠬᠢᠷᠭ᠎ᠠ ᠶᠢᠨ 2018 ᠤᠨ ᠤ 7 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠦ᠂ ᠠᠶᠢᠮᠠᠭ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠡᠯ᠎ᠠ ᠲᠤᠰᠬᠠᠢ ᠲᠦᠷᠦᠯ ᠢᠶᠠᠷ ᠠᠬᠢᠭᠤᠯᠬᠤ ᠲᠤᠭᠤᠢᠢᠯᠠᠩ ᠤᠨ ᠬᠠᠷᠢᠭᠤ ᠮᠡᠳᠡᠭᠦᠯᠦᠯᠲᠡ ᠶᠢ ᠰᠤᠨᠤᠰᠴᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠲᠤᠰᠬᠠᠢ ᠲᠦᠷᠦᠯ ᠢᠶᠠᠷ ᠠᠬᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃         ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠪᠤᠤ ᠭᠦᠸᠧ ᠴᠢᠤᠸᠠᠨ᠂ ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠠᠶᠢᠮᠠᠭ ᠤᠨ ᠪᠠᠶᠢᠩᠭᠤ ᠶᠢᠨ ᠳᠡᠳ᠋ ᠲᠠᠷᠤᠭ᠎ᠠ ᠵᠤᠤ ᠳ᠋ᠧ ᠶᠦᠩ᠂ ᠠᠶᠢᠮᠠᠭ ᠤᠨ ᠳᠡᠳ᠋ ᠳᠠᠷᠤᠭ᠎ᠠ ᠾᠸᠤ ᡁᠢ ᠮᠢᠨ᠂ ᠡᠤ ᠴᠤᠭ᠂ ᠰᠠᠷᠠᠨᠴᠢᠮᠡᠭ ᠬᠤᠷᠠᠯ ᠳᠤ ᠤᠷᠤᠯᠴᠠᠪᠠ᠃         ᠬᠤᠷᠠᠯ ᠠᠴᠠ ᠵᠢᠭᠠᠬᠤ ᠳᠠᠭᠠᠨ᠂ ᠡᠯ᠎ᠠ ᠲᠤᠰᠬᠠᠢ ᠲᠦᠷᠦᠯ ᠢᠶᠠᠷ ᠠᠬᠢᠭᠤᠯᠬᠤ ᠲᠤᠭᠤᠢᠢᠯᠠᠩ ᠭᠤᠤᠯ ᠴᠤᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠭᠤᠤᠯ ᠬᠠᠷᠢᠭᠤᠴᠠᠯᠭᠠᠳᠠᠨ ᠡᠬᠦᠷᠭᠡ ᠬᠠᠷᠢᠭᠤᠴᠠᠯᠭ᠎ᠠ ᠪᠠᠨ ᠴᠢᠩᠭᠠᠳᠬᠠᠵᠦ᠂ ᠲᠤᠰᠬᠠᠢ ᠲᠦᠷᠦᠯ ᠢᠶᠠᠷ ᠠᠬᠢᠭᠤᠯᠬᠤ ᠠᠵᠢᠯ ᠢ ᠰᠠᠶᠢᠲᠤᠷ ᠠᠳᠬᠤᠵᠦ᠂ ᠦᠷ᠎ᠡ ᠪᠦᠲᠦᠮᠵᠢ ᠭᠠᠷᠭᠠᠬᠤ ᠭᠡᠷᠡᠭᠲᠡᠢ᠃ ᠡᠯ᠎ᠠ ᠲᠤᠰᠬᠠᠢ ᠲᠦᠷᠦᠯ ᠢᠶᠠᠷ ᠠᠬᠢᠭᠤᠯᠬᠤ ᠲᠤᠭᠤᠢᠢᠯᠠᠩ ᠰᠠᠷ᠎ᠠ ᠪᠦᠷᠢ ᠬᠠᠷᠢᠭᠤ ᠮᠡᠳᠡᠬᠦᠯᠵᠦ ᠂ ᠤᠯᠠᠷᠢᠯ ᠪᠦᠷᠢ ᠲᠤᠬᠢᠷᠠᠭᠤᠯᠤᠯᠲᠠ ᠬᠢᠵᠦ᠂ ᠬᠠᠭᠠᠰ ᠵᠢᠯ ᠳᠤ ᠨᠢᠬᠡ ᠳ᠋ᠦᠩᠨᠡᠨ ᠬᠤᠷᠢᠶᠠᠩᠭᠤᠢᠢᠯᠠᠵᠦ᠂ ᠵᠢᠯ ᠤᠨ ᠡᠴᠦᠰ ᠲᠤ ᠲᠠᠩᠰᠠ ᠬᠠᠷᠭᠤᠭᠤᠯᠬᠤ ᠶᠢ ᠴᠢᠩᠭ᠎ᠠ ᠬᠡᠷᠡᠭᠵᠢᠬᠦᠯᠵᠦ᠂ ᠪᠠᠶᠢᠳᠠᠯ ᠢ ᠴᠠᠭ ᠲᠤᠬᠠᠢ ᠳᠤᠨᠢ ᠮᠡᠳᠡᠭᠳᠡᠨ᠂ ᠠᠰᠠᠭᠤᠳᠠᠯ ᠢ ᠵᠤᠬᠢᠴᠠᠭᠤᠯᠤᠨ ᠰᠢᠢᠳᠪᠦᠷᠢᠯᠡᠵᠦ᠂ ᠶᠠᠳᠠᠭᠤ ᠠᠴᠠ ᠠᠩᠬᠢᠵᠢᠷᠠᠭᠤᠯᠬᠤ ᠬᠠᠮᠲᠤᠷᠠᠯ ᠤᠨ ᠬᠦᠴᠦᠨ ᠢ ᠪᠤᠢ ᠪᠤᠯᠭᠠᠬᠤ ᠭᠡᠷᠡᠭᠲᠡᠢ᠃ ᠲᠤᠰᠬᠠᠢ ᠲᠦᠷᠦᠯ ᠢᠶᠠᠷ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠦᠯᠦᠪᠵᠢᠬᠦᠯᠭᠡ ᠪᠠ ᠤᠨ ᠤ ᠬᠡᠷᠡᠭᠵᠢᠬᠦᠯᠬᠦ ᠲᠦᠰᠦᠯ ᠢ ᠰᠤᠳᠤᠯᠤᠨ ᠲᠤᠭᠳᠠᠭᠠᠵᠦ᠂ ᠡᠯ᠎ᠠ ᠠᠵᠢᠯ ᠲᠦᠷᠦᠯ ᠬᠦᠷᠢᠶ᠎ᠡ ᠬᠡᠪᠴᠢᠶ᠎ᠡ ᠶᠢᠨ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠲᠤᠯᠬᠤ ᠳᠤ ᠬᠦᠢᠴᠡᠳ ᠦᠢᠯᠡᠳᠤᠯ ᠦᠵᠡᠬᠦᠯᠬᠦ ᠭᠡᠷᠡᠭᠲᠡᠢ ᠭᠡᠪᠡ᠃         ᠠᠶᠢᠮᠠᠭ ᠤᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号