ᠰᠢᠯᠢ ᠶᠢᠨ ᠬᠤᠳᠠ 12 ᠭᠤᠤᠯᠳᠠᠯᠭᠠᠳᠤ ᠲᠦᠷᠦᠯ ᠵᠦᠢᠯ ᠢ ᠲᠦᠪᠯᠡᠷᠡᠩᠬᠦᠢ ᠪᠠᠷᠢᠯᠭ᠎ᠠ ᠡᠬᠢᠯᠡᠬᠦᠯᠪᠡ
ᠨᠡᠶᠢᠲᠡᠯᠡᠭᠰᠡᠨ ᠴᠠᠭ᠄
2018/6/4
    5 ᠰᠠᠷ᠎ᠠ ᠶᠢᠨ 25᠎ ᠤ ᠡᠳᠦᠷ᠂ ᠰᠢᠯᠢ ᠶᠢᠨ ᠬᠤᠳᠠ 2018 ᠤᠨ ᠤ ᠬᠠᠪᠤᠷ ᠤᠨ ᠤᠯᠠᠷᠢᠯ ᠤᠨ ᠭᠤᠤᠯᠳᠠᠯᠭᠠᠳᠤ ᠲᠦᠷᠦᠯ ᠵᠦᠢᠯ ᠢ ᠲᠦᠪᠯᠡᠷᠡᠩᠬᠦᠢ ᠪᠠᠷᠢᠯᠭ᠎ᠠ ᠡᠬᠢᠯᠡᠬᠦᠯᠬᠦ ᠶᠤᠰᠤᠯᠠᠯ ᠶᠠᠪᠤᠭᠤᠯᠪᠠ᠃         ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠦᠵᠢ᠂ ᠠᠶᠢᠮᠠᠭ ᠤᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠡ ᠶᠢᠨ ᠱᠦᠵᠢ ᠪᠤᠤ ᠬᠦᠸᠧ ᠴᠢᠤᠸᠠᠨ᠂ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠴᠤᠯᠮᠤᠨ ᠪᠠᠷᠢᠯᠭ᠎ᠠ ᠡᠬᠢᠯᠡᠬᠦ ᠶᠤᠰᠤᠯᠠᠯ ᠳᠤ ᠤᠷᠤᠯᠴᠠᠪᠠ᠃         ᠰᠢᠯᠢ ᠶᠢᠨ ᠬᠤᠳᠠ ᠶᠢᠨ ᠲᠦᠪᠯᠡᠷᠡᠩᠬᠦᠢ ᠪᠠᠷᠢᠯᠭ᠎ᠠ ᠡᠬᠢᠯᠡᠭᠰᠡᠨ ᠲᠦᠷᠦᠯ ᠵᠦᠢᠯ ᠳᠤ ᠰᠢᠯᠢᠨ ᠢᠯᠴᠢ ᠶᠢᠨ ᠴᠡᠬᠢᠯᠭᠠᠨ ᠤ ᠦᠢᠯᠡᠳᠪᠤᠷᠢ ᠶᠢᠨ ᠬᠤᠶᠠᠳᠤᠭᠠᠷ ᠬᠤᠭᠤᠴᠠᠭᠠᠨ ᠤ 2 × 350 ᠰᠠᠶ᠎ᠠ ᠸᠠᠲ ᠤᠨ ᠮᠠᠰᠢᠨ ᠴᠤᠭᠴᠠᠯᠠᠪᠤᠷᠢ ᠶᠢᠨ ᠢᠯᠴᠢ ᠬᠠᠩᠭᠠᠬᠤ ᠲᠤᠤᠷ ᠢ ᠵᠠᠯᠭᠠᠬᠤ ᠢᠨᠵᠧᠨᠧᠷᠢᠩ᠂ 2018 ᠤᠨ ᠤ ᠬᠤᠳᠠ ᠶᠢᠨ ᠰᠠᠭᠤᠷᠢ ᠲᠤᠨᠤᠭ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠰᠢᠯᠢ ᠶᠢᠨ ᠭᠤᠤᠯ ᠤᠨ ᠲᠠᠯ᠎ᠠ ᠨᠤᠳᠤᠭ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠢ ᠰᠡᠷᠭᠦᠭᠡᠨ ᠵᠠᠰᠠᠬᠤ ᠨᠢᠭᠡᠲᠦᠭᠡᠷ ᠬᠤᠭᠤᠴᠠᠭᠠᠨ ᠤ ᠢᠨᠵᠧᠨᠧᠷᠢᠩ ᠵᠡᠷᠭᠡ ᠭᠤᠤᠯᠳᠠᠯᠭᠠᠳᠤ ᠲᠦᠷᠦᠯ ᠵᠦᠢᠯ ᠪᠠᠭᠳᠠᠵᠤ᠂ ᠵᠢᠯ ᠤᠨ ᠲᠤᠳᠤᠷ᠎ᠠ 31.72 ᠳ᠋ᠦᠩᠰᠢᠭᠤᠷ ᠲᠦᠬᠦᠷᠢᠭ ᠪᠠᠯᠡ ᠤᠷᠤᠭᠤᠯᠬᠤ ᠪᠠᠷ ᠲᠦᠯᠦᠪᠯᠡᠵᠠᠢ᠃ ᠡᠨᠡ ᠵᠢᠯ ᠰᠢᠯᠢ ᠶᠢᠨ ᠬᠤᠳᠠ ᠨᠢᠭᠡᠨᠲᠡ 27 ᠭᠤᠤᠯᠳᠠᠯᠭᠠᠳᠤ ᠲᠦᠷᠦᠯ ᠵᠦᠢᠯ ᠪᠠᠷᠢᠯᠭ᠎ᠠ ᠡᠬᠢᠯᠡᠭᠰᠡᠨ ᠪᠤᠶᠤ ᠲᠠᠬᠢᠨ ᠰᠡᠷᠭᠦᠭᠡᠵᠤ᠂ ᠠᠵᠢᠯ ᠡᠬᠢᠯᠡᠭᠦᠯᠦᠭᠰᠡᠨ ᠨᠤᠷᠮ᠎ᠠ 42.2% ᠬᠦᠷᠴᠤ᠂ ᠨᠢᠭᠡᠨᠲᠡ 10.9 ᠳ᠋ᠦᠩᠰᠢᠭᠤᠷ ᠲᠦᠬᠦᠷᠢᠭ ᠪᠡᠯᠡ ᠤᠷᠤᠭᠤᠯᠪᠠ᠃         ᠰᠢᠯᠢ ᠶᠢᠨ ᠬᠤᠳᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠢᠯᠡᠷᠭᠡᠶᠢᠯᠡᠬᠦ ᠳᠡᠭᠡᠨ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠤᠳᠤᠷᠢᠳᠤᠯᠭ᠎ᠠ ᠲᠤᠤᠷ᠎ᠠ᠂ ᠰᠢᠯᠢ ᠶᠢᠨ ᠬᠤᠳᠠ ᠰᠢᠨ᠎ᠠ ᠬᠠᠭᠤᠴᠢᠨ ᠬᠦᠳᠡᠯᠭᠡᠬᠦ ᠡᠨᠧᠷᠬᠢ ᠶᠢᠨ ᠰᠤᠯᠢᠭᠳᠠᠯ ᠢ ᠲᠦᠷᠭᠡᠳᠭᠡᠵᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠲᠡ ᠶᠢ ᠠᠬᠢᠭᠤᠯᠬᠤ ᠪᠠᠶᠢᠷᠢᠯᠠᠭᠤᠯᠤᠯᠲᠠ ᠱᠠᠭᠠᠷᠳᠠᠯᠭ᠎ᠠ ᠶᠤᠰᠤᠭᠠᠷ ᠲᠦᠷᠦᠯ ᠵᠦᠢᠯ ᠤᠨ ᠪᠡᠯᠡ ᠤᠷᠤᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠭᠤᠤᠯᠳᠠᠯᠭᠠᠳᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠵᠤ᠂ ᠠᠵᠤ ᠦᠢᠯᠡᠰ ᠢ ᠰᠢᠯᠵᠢᠬᠦᠯᠬᠦ ᠲᠤᠬᠢᠶᠠᠯ ᠢ ᠠᠳᠬᠤᠵᠤ᠂ ᠠᠵᠤ ᠠᠬᠤᠢ ᠶᠢᠨ ᠦᠷᠬᠦᠯᠵᠢᠯᠠᠨ ᠲᠤᠭᠳᠠᠭᠤᠨ ᠡᠷᠡᠬᠦᠯ ᠢᠶᠠᠷ ᠬᠦᠭᠵᠢᠬᠦ ᠶᠢ ᠠᠬᠢᠭᠤᠯᠵᠤ ᠪᠠᠶᠢᠨ᠎ᠠ᠃ ᠡᠨᠡ ᠡᠳᠦᠷ ᠪᠠᠷᠢᠯᠭ᠎ᠠ ᠡᠬᠢᠯᠡᠬᠦᠯᠦᠭᠰᠡᠨ ᠭᠤᠤᠯᠳᠠᠯᠭᠠᠳᠤ ᠲᠦᠷᠦᠯ ᠵᠦᠢᠯ ᠠᠰᠢᠭᠯᠠᠯᠳᠠ ᠳᠤ ᠤᠷᠤᠪᠠᠯ ᠠᠵᠤ ᠦᠢᠯᠡᠰ ᠤᠨ ᠪᠦᠲᠦᠴᠡ ᠶᠢ ᠰᠢᠯᠢᠳᠡᠭᠵᠢᠬᠦᠯᠬᠦ᠂ ᠭᠤᠤᠯᠯᠠᠭᠴᠢ ᠦᠷᠢᠰᠦᠯᠳᠦᠬᠦ ᠬᠦᠴᠦᠨ ᠢ ᠲᠡᠭᠡᠭᠰᠢᠯᠡᠬᠦᠯᠬᠦ᠂ ᠬᠦᠭᠵᠢᠯᠲᠡ ᠶᠢᠨ ᠨᠦᠭᠡᠴᠡ ᠬᠦᠴᠦᠨ ᠢ ᠴᠢᠩᠭᠠᠳᠬᠠᠬᠤ ᠳᠤ ᠴᠦᠮ ᠴᠢᠬᠤᠯᠠ ᠦᠢᠯᠡᠳᠤᠯ ᠦᠵᠡᠬᠦᠯᠦᠨ᠎ᠠ ᠭᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号