5 ᠰᠠᠷ᠎ᠠ ᠶᠢᠨ 25 ᠤ ᠡᠳᠦᠷ᠂ ᠰᠢᠯᠢ ᠶᠢᠨ ᠬᠤᠳᠠ 2018 ᠤᠨ ᠤ ᠬᠠᠪᠤᠷ ᠤᠨ ᠤᠯᠠᠷᠢᠯ ᠤᠨ | ᠭᠤᠤᠯᠳᠠᠯᠭᠠᠳᠤ ᠲᠦᠷᠦᠯ ᠵᠦᠢᠯ ᠢ ᠲᠦᠪᠯᠡᠷᠡᠩᠬᠦᠢ ᠪᠠᠷᠢᠯᠭ᠎ᠠ ᠡᠬᠢᠯᠡᠬᠦᠯᠬᠦ ᠶᠤᠰᠤᠯᠠᠯ ᠶᠠᠪᠤᠭᠤᠯᠪᠠ᠃ | ᠠᠶᠢᠮᠠᠭ ᠤᠨ ᠨᠠᠮ ᠤᠨ ᠬᠤᠷᠢᠶᠠᠨ ᠤ ᠲᠡᠳ᠋ ᠱᠦᠵᠢ᠂ ᠠᠶᠢᠮᠠᠭ ᠤᠨ ᠤᠯᠤᠰ ᠲᠦᠷᠦ ᠬᠠᠤᠯᠢ ᠴᠠᠭᠠᠵᠠ ᠶᠢᠨ | ᠬᠤᠷᠢᠶ᠎ᠡ ᠶᠢᠨ ᠱᠦᠵᠢ ᠪᠤᠤ ᠬᠦᠸᠧ ᠴᠢᠤᠸᠠᠨ᠂ ᠰᠢᠯᠢ ᠶᠢᠨ ᠭᠤᠤᠯ ᠠᠵᠢᠯ ᠮᠡᠷᠭᠡᠵᠢᠯ ᠤᠨ ᠲᠡᠭᠡᠲᠦ | ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠴᠤᠯᠮᠤᠨ ᠪᠠᠷᠢᠯᠭ᠎ᠠ ᠡᠬᠢᠯᠡᠬᠦ ᠶᠤᠰᠤᠯᠠᠯ ᠳᠤ ᠤᠷᠤᠯᠴᠠᠪᠠ᠃ | ᠰᠢᠯᠢ ᠶᠢᠨ ᠬᠤᠳᠠ ᠶᠢᠨ ᠲᠦᠪᠯᠡᠷᠡᠩᠬᠦᠢ ᠪᠠᠷᠢᠯᠭ᠎ᠠ ᠡᠬᠢᠯᠡᠭᠰᠡᠨ ᠲᠦᠷᠦᠯ ᠵᠦᠢᠯ ᠳᠤ ᠰᠢᠯᠢᠨ ᠢᠯᠴᠢ ᠶᠢᠨ | ᠴᠡᠬᠢᠯᠭᠠᠨ ᠤ ᠦᠢᠯᠡᠳᠪᠤᠷᠢ ᠶᠢᠨ ᠬᠤᠶᠠᠳᠤᠭᠠᠷ ᠬᠤᠭᠤᠴᠠᠭᠠᠨ ᠤ 2 × 350 ᠰᠠᠶ᠎ᠠ ᠸᠠᠲ ᠤᠨ ᠮᠠᠰᠢᠨ | ᠴᠤᠭᠴᠠᠯᠠᠪᠤᠷᠢ ᠶᠢᠨ ᠢᠯᠴᠢ ᠬᠠᠩᠭᠠᠬᠤ ᠲᠤᠤᠷ ᠢ ᠵᠠᠯᠭᠠᠬᠤ ᠢᠨᠵᠧᠨᠧᠷᠢᠩ᠂ 2018 ᠤᠨ ᠤ ᠬᠤᠳᠠ ᠶᠢᠨ ᠰᠠᠭᠤᠷᠢ | ᠲᠤᠨᠤᠭ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ᠂ ᠰᠢᠯᠢ ᠶᠢᠨ ᠭᠤᠤᠯ ᠤᠨ ᠲᠠᠯ᠎ᠠ | ᠨᠤᠳᠤᠭ ᠤᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠭᠠᠵᠠᠷ ᠰᠢᠨᠵᠢᠯᠡᠭᠡᠨ ᠤ ᠤᠷᠴᠢᠨ | ᠲᠤᠭᠤᠷᠢᠨ ᠢ ᠰᠡᠷᠭᠦᠭᠡᠨ ᠵᠠᠰᠠᠬᠤ ᠨᠢᠭᠡᠲᠦᠭᠡᠷ ᠬᠤᠭᠤᠴᠠᠭᠠᠨ ᠤ ᠢᠨᠵᠧᠨᠧᠷᠢᠩ ᠵᠡᠷᠭᠡ ᠭᠤᠤᠯᠳᠠᠯᠭᠠᠳᠤ ᠲᠦᠷᠦᠯ ᠵᠦᠢᠯ | ᠪᠠᠭᠳᠠᠵᠤ᠂ ᠵᠢᠯ ᠤᠨ ᠲᠤᠳᠤᠷ᠎ᠠ 31.72 ᠳ᠋ᠦᠩᠰᠢᠭᠤᠷ ᠲᠦᠬᠦᠷᠢᠭ ᠪᠠᠯᠡ ᠤᠷᠤᠭᠤᠯᠬᠤ ᠪᠠᠷ ᠲᠦᠯᠦᠪᠯᠡᠵᠠᠢ᠃ ᠡᠨᠡ | ᠵᠢᠯ ᠰᠢᠯᠢ ᠶᠢᠨ ᠬᠤᠳᠠ ᠨᠢᠭᠡᠨᠲᠡ 27 ᠭᠤᠤᠯᠳᠠᠯᠭᠠᠳᠤ ᠲᠦᠷᠦᠯ ᠵᠦᠢᠯ ᠪᠠᠷᠢᠯᠭ᠎ᠠ ᠡᠬᠢᠯᠡᠭᠰᠡᠨ ᠪᠤᠶᠤ ᠲᠠᠬᠢᠨ | ᠰᠡᠷᠭᠦᠭᠡᠵᠤ᠂ ᠠᠵᠢᠯ ᠡᠬᠢᠯᠡᠭᠦᠯᠦᠭᠰᠡᠨ ᠨᠤᠷᠮ᠎ᠠ 42.2% ᠬᠦᠷᠴᠤ᠂ ᠨᠢᠭᠡᠨᠲᠡ 10.9 ᠳ᠋ᠦᠩᠰᠢᠭᠤᠷ ᠲᠦᠬᠦᠷᠢᠭ | ᠪᠡᠯᠡ ᠤᠷᠤᠭᠤᠯᠪᠠ᠃ | ᠰᠢᠯᠢ ᠶᠢᠨ ᠬᠤᠳᠠ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠢᠯᠡᠷᠭᠡᠶᠢᠯᠡᠬᠦ ᠳᠡᠭᠡᠨ᠂ ᠦᠪᠡᠷᠲᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ | ᠤᠳᠤᠷᠢᠳᠤᠯᠭ᠎ᠠ ᠲᠤᠤᠷ᠎ᠠ᠂ ᠰᠢᠯᠢ ᠶᠢᠨ ᠬᠤᠳᠠ ᠰᠢᠨ᠎ᠠ ᠬᠠᠭᠤᠴᠢᠨ ᠬᠦᠳᠡᠯᠭᠡᠬᠦ ᠡᠨᠧᠷᠬᠢ ᠶᠢᠨ ᠰᠤᠯᠢᠭᠳᠠᠯ ᠢ | ᠲᠦᠷᠭᠡᠳᠭᠡᠵᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠲᠡ ᠶᠢ ᠠᠬᠢᠭᠤᠯᠬᠤ ᠪᠠᠶᠢᠷᠢᠯᠠᠭᠤᠯᠤᠯᠲᠠ ᠱᠠᠭᠠᠷᠳᠠᠯᠭ᠎ᠠ | ᠶᠤᠰᠤᠭᠠᠷ ᠲᠦᠷᠦᠯ ᠵᠦᠢᠯ ᠤᠨ ᠪᠡᠯᠡ ᠤᠷᠤᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠭᠤᠤᠯᠳᠠᠯᠭᠠᠳᠤ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠭᠡᠵᠤ᠂ ᠠᠵᠤ ᠦᠢᠯᠡᠰ ᠢ ᠰᠢᠯᠵᠢᠬᠦᠯᠬᠦ | ᠲᠤᠬᠢᠶᠠᠯ ᠢ ᠠᠳᠬᠤᠵᠤ᠂ ᠠᠵᠤ ᠠᠬᠤᠢ ᠶᠢᠨ ᠦᠷᠬᠦᠯᠵᠢᠯᠠᠨ ᠲᠤᠭᠳᠠᠭᠤᠨ ᠡᠷᠡᠬᠦᠯ ᠢᠶᠠᠷ ᠬᠦᠭᠵᠢᠬᠦ ᠶᠢ ᠠᠬᠢᠭᠤᠯᠵᠤ | ᠪᠠᠶᠢᠨ᠎ᠠ᠃ ᠡᠨᠡ ᠡᠳᠦᠷ ᠪᠠᠷᠢᠯᠭ᠎ᠠ ᠡᠬᠢᠯᠡᠬᠦᠯᠦᠭᠰᠡᠨ ᠭᠤᠤᠯᠳᠠᠯᠭᠠᠳᠤ ᠲᠦᠷᠦᠯ ᠵᠦᠢᠯ ᠠᠰᠢᠭᠯᠠᠯᠳᠠ ᠳᠤ ᠤᠷᠤᠪᠠᠯ | ᠠᠵᠤ ᠦᠢᠯᠡᠰ ᠤᠨ ᠪᠦᠲᠦᠴᠡ ᠶᠢ ᠰᠢᠯᠢᠳᠡᠭᠵᠢᠬᠦᠯᠬᠦ᠂ ᠭᠤᠤᠯᠯᠠᠭᠴᠢ ᠦᠷᠢᠰᠦᠯᠳᠦᠬᠦ ᠬᠦᠴᠦᠨ ᠢ ᠲᠡᠭᠡᠭᠰᠢᠯᠡᠬᠦᠯᠬᠦ᠂ | ᠬᠦᠭᠵᠢᠯᠲᠡ ᠶᠢᠨ ᠨᠦᠭᠡᠴᠡ ᠬᠦᠴᠦᠨ ᠢ ᠴᠢᠩᠭᠠᠳᠬᠠᠬᠤ ᠳᠤ ᠴᠦᠮ ᠴᠢᠬᠤᠯᠠ ᠦᠢᠯᠡᠳᠤᠯ ᠦᠵᠡᠬᠦᠯᠦᠨ᠎ᠠ ᠭᠡᠪᠡ᠃ |