ᠮᠠᠨ ᠤ ᠠᠶᠢᠮᠠᠭ ᠤᠨ ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶ ᠎ ᠤ ᠨᠠᠮ ᠤᠨ ᠡᠬᠦᠷ ᠪᠠ ᠠᠷᠠᠳ ᠤᠨ ᠵᠦᠪᠯᠡᠯ ᠤᠨ ᠬᠤᠭᠤᠴᠠᠭ᠎ᠠ ᠰᠤᠯᠢᠬᠤ ᠠᠵᠢᠯ ᠤᠷᠤᠭᠰᠢᠳᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2018/6/6
    ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶  ᠎ ᠤ ᠨᠠᠮ ᠤᠨ ᠡᠬᠦᠷ ᠪᠠ ᠠᠷᠠᠳ ᠤᠨ ᠵᠦᠪᠯᠡᠯ ᠤᠨ ᠬᠤᠭᠤᠴᠠᠭ᠎ᠠ ᠰᠤᠯᠢᠬᠤ ᠠᠵᠢᠯ ᠪᠦᠬᠦ ᠲᠠᠯ᠎ᠠ ᠪᠠᠷ ᠶᠠᠪᠤᠭᠳᠠᠬᠤ ᠶᠢ ᠲᠠᠭᠠᠯᠳᠤᠨ᠂ ᠮᠠᠨ ᠤ ᠠᠶᠢᠮᠠᠭ ᠤᠨ ᠰᠤᠩᠭᠤᠭᠤᠯᠢ ᠶᠢᠨ ᠭᠤᠭᠴᠤᠭ᠎ᠠ ᠪᠦᠷᠢ ᠵᠢᠷᠦᠮ ᠶᠤᠰᠤ ᠪᠠᠷ ᠤᠷᠤᠭᠰᠢᠳᠠᠢ ᠶᠠᠪᠤᠭᠳᠠᠵᠤ ᠪᠠᠶᠢᠨ᠎ᠠ᠃         ᠰᠤᠷᠪᠤᠯᠵᠢᠯᠠᠭᠴᠢ ᠠᠶᠢᠮᠠᠭ ᠤᠨ ᠵᠤᠬᠢᠶᠠᠨ ᠪᠠᠶᠢᠭᠤᠯᠬᠤ ᠭᠡᠯᠳᠡᠰ ᠠᠴᠠ ᠦᠢᠯᠠᠭᠠᠭᠰᠠᠨ ᠢᠶᠠᠷ᠂ ᠮᠠᠨ ᠤ ᠠᠶᠢᠮᠠᠭ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠮᠵᠢ ᠪᠤᠯᠭᠠᠵᠤ᠂ ᠡᠷᠲᠡ ᠠᠴᠠ ᠲᠦᠯᠦᠪᠯᠡᠵᠤ᠂ ᠡᠷᠲᠡ ᠠᠴᠠ ᠪᠠᠶᠢᠷᠢᠯᠠᠭᠤᠯᠵᠤ᠂ ᠨᠠᠷᠢᠯᠢᠭ ᠵᠤᠬᠢᠶᠠᠨ ᠪᠠᠶᠢᠭᠤᠯᠵᠤ᠂ ᠤᠳᠤᠷᠢᠳᠤᠯᠭ᠎ᠠ ᠪᠠᠨ ᠴᠢᠩᠭᠠᠳᠬᠠᠵᠤ᠂ ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶  ᠎ ᠤ ᠨᠠᠮ ᠤᠨ ᠡᠬᠦᠷ ᠪᠠ ᠠᠷᠠᠳ ᠤᠨ ᠵᠦᠪᠯᠡᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠢ ᠨᠢᠭᠡᠲᠦᠯᠲᠡᠢ ᠲᠦᠯᠦᠪᠯᠡᠨ ᠠᠬᠢᠭᠤᠯᠪᠠ᠃         ᠦᠪᠡᠷᠲᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠬᠤᠷᠠᠯ ᠤᠨ ᠵᠤᠷᠢᠭ ᠰᠠᠨᠠᠭ᠎ᠠ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠵᠤ᠂ ᠬᠤᠭᠤᠴᠠᠭ᠎ᠠ ᠰᠤᠯᠢᠬᠤ ᠠᠵᠢᠯ ᠢ ᠰᠤᠳᠤᠯᠤᠨ ᠪᠠᠶᠢᠷᠢᠯᠠᠭᠤᠯᠵᠤ᠂ ᠪᠦᠬᠦ ᠠᠶᠢᠮᠠᠭ ᠤᠨ ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶  ᠎ ᠤ ᠨᠠᠮ ᠤᠨ ᠡᠬᠦᠷ ᠪᠠ ᠠᠷᠠᠳ ᠤᠨ ᠵᠦᠪᠯᠡᠯ ᠤᠨ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠤᠨ ᠤᠳᠤᠷᠢᠳᠬᠤ ᠲᠤᠭᠤᠢᠢᠯᠠᠩ ᠢ ᠪᠠᠶᠢᠭᠤᠯᠵᠤ᠂ ᠬᠠᠮᠢᠶ᠎ᠠ ᠪᠦᠬᠦᠢ ᠠᠵᠢᠯ ᠤᠨ ᠲᠤᠭᠳᠠᠴᠠ ᠶᠢ ᠪᠦᠷᠢᠨᠰᠢᠬᠦᠯᠵᠤ᠂ ᠨᠠᠮ ᠤᠨ ᠬᠤᠷᠢᠶ᠎ᠠ ᠤᠳᠤᠷᠢᠳᠬᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠬᠢᠨᠠᠯᠳᠠ ᠲᠠᠯᠪᠢᠬᠤ᠂ ᠵᠠᠰᠠᠭ ᠤᠨ ᠤᠷᠳᠤᠨ ᠭᠡᠷᠡᠭᠵᠢᠬᠦᠯᠬᠦ᠂ ᠬᠠᠮᠢᠶ᠎ᠠ ᠪᠦᠬᠦᠢ ᠰᠠᠯᠠᠭ᠎ᠠ ᠮᠦᠴᠢᠷ ᠬᠠᠮᠳᠤᠷᠠᠯᠴᠠᠬᠤ ᠠᠵᠢᠯ ᠤᠨ ᠲᠤᠭᠳᠠᠴᠠ ᠪᠠ ᠡᠷᠬᠢᠯᠲᠡ ᠶᠢᠨ ᠲᠤᠭᠳᠠᠴᠠ ᠶᠢ ᠪᠦᠷᠢᠯᠳᠦᠬᠦᠯᠬᠦ ᠶᠢᠨ ᠬᠠᠮᠳᠤ ᠠᠵᠢᠯ ᠢ ᠬᠢᠨᠠᠨ ᠵᠢᠯᠤᠭᠤᠳᠬᠤ ᠲᠤᠭᠤᠢᠢᠯᠠᠩ ᠲᠤᠮᠢᠯᠠᠵᠤ᠂ 850 ᠭᠠᠴᠠᠭ᠎ᠠ ᠲᠤᠰᠬᠤᠨ᠂ 162 ᠨᠡᠶᠢᠭᠡᠮ ᠲᠤᠭᠤᠷᠢᠭ ᠲᠤ ᠪᠦᠬᠦᠨ ᠢ ᠬᠢᠨᠠᠨ ᠵᠢᠯᠤᠭᠤᠳᠴᠠᠢ᠃ ᠡᠬᠦᠨ ᠤ ᠬᠠᠮᠳᠤ᠂ ᠠᠶᠢᠮᠠᠭ᠂ ᠬᠤᠰᠢᠭᠤ ᠰᠢᠶᠠᠨ ᠬᠤᠳᠠ ︵ᠤᠷᠤᠨ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠭᠤᠷᠪᠠᠨ ᠱᠠᠳᠤᠨ ᠤ ᠨᠠᠮ ᠤᠨ ᠬᠤᠷᠢᠶ᠎ᠠ ᠶᠢᠨ ᠱᠦᠵᠢ ᠱᠠᠳᠤ ᠱᠠᠳᠤ ᠪᠠᠷ ᠬᠠᠷᠢᠭᠤᠴᠠᠯᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠵᠤ᠂ ᠬᠤᠭᠤᠴᠠᠭ᠎ᠠ ᠰᠤᠯᠢᠬᠤ ᠠᠵᠢᠯ ᠢ ᠦᠨᠳᠤᠰᠤᠨ ᠱᠠᠳᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠢᠯᠭᠠᠨ ᠦᠨᠡᠯᠡᠬᠦ ᠴᠢᠬᠤᠯᠠ ᠠᠭᠤᠯᠭ᠎ᠠ ᠳᠤ ᠤᠷᠤᠭᠤᠯᠪᠠ᠃         ᠲᠤᠰᠬᠠᠢ ᠰᠡᠳᠤᠪ ᠢᠶᠠᠷ ᠪᠠᠶᠢᠴᠠᠭᠠᠨ ᠰᠤᠳᠤᠯᠤᠯᠲᠠ ᠬᠢᠵᠤ᠂ 35 ᠭᠤᠤᠯᠳᠠᠯᠭᠠᠳᠤ ᠲᠤᠰᠬᠤᠨ᠂ ᠬᠦᠴᠢᠷ ᠲᠤᠰᠬᠤᠨ ᠢ ᠪᠠᠶᠢᠴᠠᠭᠠᠨ ᠭᠠᠷᠭᠠᠵᠤ᠂ ᠭᠠᠴᠠᠭ᠎ᠠ ᠲᠤᠰᠬᠤᠨ ᠤ ᠺᠠᠳ᠋ᠷ ᠤᠨ ᠪᠠᠶᠢᠳᠠᠯ᠂ ᠨᠡᠬᠦᠳᠠᠯ ᠨᠠᠮ ᠤᠨ ᠭᠡᠰᠢᠬᠦᠨ ᠪᠠ ᠭᠠᠳᠠᠭᠰᠢ ᠭᠠᠷᠴᠤ ᠠᠵᠢᠯᠯᠠᠵᠤ ᠪᠠᠶᠢᠭ᠎ᠠ ᠮᠠᠯᠴᠢᠨ ᠲᠠᠷᠢᠶᠠᠴᠢᠨ ᠤ ᠲᠤᠭ᠎ᠠ᠂ ᠰᠤᠩᠭᠤᠭᠤᠯᠢ ᠶᠢ ᠨᠦᠯᠦᠭᠡᠯᠡᠬᠦ ᠲᠡᠤᠭᠡ ᠶᠢᠨ ᠦᠯᠡᠲᠡᠭᠳᠡᠯ ᠠᠰᠠᠭᠤᠳᠠᠯ ᠵᠡᠷᠭᠡ ᠶᠢ ᠪᠦᠬᠦ ᠲᠠᠯ᠎ᠠ ᠪᠠᠷ ᠪᠠᠶᠢᠴᠠᠭᠠᠨ ᠦᠢᠯᠠᠭᠠᠵᠤ᠂ ᠨᠢᠭᠡ ᠲᠤᠰᠬᠤᠨ ᠳᠤ ᠨᠢᠭᠡ ᠲᠦᠰᠦᠪ ᠲᠤᠭᠳᠠᠭᠠᠵᠤ᠂ ᠭᠤᠤᠯᠳᠠᠯᠭᠠᠳᠤ ᠲᠤᠰᠬᠤᠨ᠂ ᠬᠦᠴᠢᠷ ᠲᠤᠰᠬᠤᠨ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠨᠢᠬᠦᠯᠵᠤ᠂ ᠨᠢᠭᠡᠲᠦᠭᠡᠷ ᠱᠦᠵᠢ᠂ ᠭᠠᠴᠠᠭ᠎ᠠ ᠲᠤᠰᠬᠤᠨ ᠳᠤ ᠰᠠᠭᠤᠬᠤ ᠠᠵᠢᠯᠯᠠᠬᠤ ᠲᠤᠭᠤᠢᠢᠯᠠᠩ ᠲᠤᠮᠢᠯᠠᠬᠤ ᠵᠡᠷᠭᠡ ᠠᠷᠭ᠎ᠠ ᠪᠠᠷ ᠲᠠᠮᠵᠢᠨ᠂ ᠬᠤᠭᠤᠴᠠᠭ᠎ᠠ ᠰᠤᠯᠢᠬᠤ ᠠᠵᠢᠯ ᠢ ᠵᠢᠯᠤᠭᠤᠳᠤᠭᠤᠯᠵᠤ᠂ ᠠᠰᠠᠭᠤᠳᠠᠯ ᠢ ᠬᠤᠭᠤᠴᠠᠭ᠎ᠠ ᠰᠤᠯᠢᠬᠤ ᠰᠤᠩᠭᠤᠭᠤᠯᠢ ᠶᠢᠨ ᠠᠵᠢᠯ ᠠᠴᠠ ᠡᠮᠦᠨ᠎ᠡ ᠰᠢᠢᠳᠪᠤᠷᠢᠯᠡᠵᠤ᠂ ᠲᠤᠰᠢᠶᠠᠯ ᠤᠨ ᠬᠤᠭᠤᠴᠠᠭ᠎ᠠ ᠳᠠᠬᠢ ᠬᠢᠨᠠᠨ ᠪᠤᠳᠤᠯᠳᠠ ᠶᠢ ᠨᠠᠷᠢᠨ ᠬᠢᠨᠠᠮᠠᠭᠠᠢ ᠦᠷᠨᠢᠬᠦᠯᠪᠠ᠃ ᠡᠬᠦᠨ ᠤ ᠬᠠᠮᠲᠤ ᠪᠠᠰᠠ ᠺᠠᠳ᠋ᠷ ᠤᠨ ᠪᠤᠯᠪᠠᠰᠤᠷᠠᠯ ᠢ ᠴᠢᠩᠭᠠᠳᠬᠠᠵᠦ᠂ ᠬᠤᠭᠤᠴᠠᠭ᠎ᠠ ᠰᠤᠯᠢᠬᠤ ᠰᠠᠬᠢᠯᠭ᠎ᠠ ᠪᠠᠲᠤ ᠶᠢ ᠴᠢᠩᠳᠠᠯᠠᠵᠦ᠂ ᠬᠤᠭᠤᠴᠠᠭ᠎ᠠ ᠰᠤᠯᠢᠬᠤ ᠠᠵᠢᠯ ᠢ ᠠᠯᠬᠤᠮ ᠳᠠᠷᠠᠭ᠎ᠠ ᠲᠠᠢ ᠠᠬᠢᠭᠤᠯᠵᠦ᠂ ︽ᠬᠢᠵᠠᠭᠠᠷᠯᠠᠯ ᠤᠨ ᠲᠠᠩᠰᠠ︾᠎ ᠶᠢ ᠪᠠᠶᠢᠭᠤᠯᠵᠦ᠂ ᠬᠤᠰᠢᠭᠤ ᠰᠢᠶᠠᠨ ᠬᠤᠲᠠ ︵ᠤᠷᠤᠨ︶ ᠪᠤᠳᠠᠳᠤ ᠪᠠᠶᠢᠳᠠᠯ ᠢᠶᠠᠨ ᠦᠨᠳᠦᠰᠦᠯᠡᠨ᠂ ᠰᠤᠩᠭᠤᠨ ᠭᠡᠷᠡᠭᠯᠡᠬᠦ ᠳᠤ ᠲᠤᠬᠢᠷᠠᠮᠵᠢ ᠦᠬᠡᠢ ᠨᠦᠬᠦᠴᠡᠯ ᠢ ᠨᠠᠷᠢᠯᠢᠭᠵᠢᠭᠤᠯᠤᠨ ᠲᠤᠲᠤᠳᠬᠠᠵᠠᠢ᠃         ︽ᠨᠠᠮ ᠤᠨ ᠬᠡᠰᠢᠬᠦᠨ ᠭᠤᠤᠯᠯᠠᠬᠤ ᠡᠷᠦᠬᠡ︾᠎ ᠶᠢ ᠮᠠᠯᠵᠢᠬᠤ ᠤᠷᠤᠨ ᠦᠨᠳᠦᠰᠦᠨ ᠱᠠᠲᠤᠨ ᠤ ᠺᠠᠳ᠋ᠷ ᠢ ᠬᠦᠮᠦᠵᠢᠬᠦᠯᠬᠦ ᠲᠠᠪᠴᠠᠩ ᠪᠤᠯᠭᠠᠵᠦ᠂ ᠤᠳᠤᠬᠠᠨ ᠪᠤᠯᠳᠠᠯ᠎ᠠ ᠪᠦᠬᠦ ᠠᠶᠢᠮᠠᠭ ᠤᠨ ᠭᠠᠴᠠᠭ᠎ᠠ ᠲᠤᠰᠬᠤᠨ᠂ ᠨᠡᠶᠢᠬᠡᠮ ᠲᠤᠭᠤᠷᠢᠭ ᠤᠨ ᠪᠡᠯᠡᠳᠭᠡᠯ ᠺᠠᠳ᠋ᠷ 2725 ᠬᠦᠮᠦᠨ ᠪᠠᠶᠢᠵᠦ᠂ ᠭᠠᠴᠠᠭ᠎ᠠ ᠲᠤᠰᠬᠤᠨ ᠤ ᠨᠠᠮ ᠤᠨ ᠡᠬᠦᠷ ᠤᠨ ᠤᠳᠤᠷᠢᠳᠬᠤ ᠪᠠᠭ ᠪᠠ ᠨᠠᠮ ᠤᠨ ᠡᠬᠦᠷ ᠤᠨ ᠱᠦᠵᠢ ᠶᠢᠨ ᠠᠮᠠᠯᠠᠯᠲᠠ ᠶᠢ ᠬᠢᠨᠠᠨ ᠰᠢᠯᠭᠠᠬᠤ ᠶᠢ ᠬᠢᠨᠠᠮᠠᠭᠠᠢ ᠦᠷᠨᠢᠬᠦᠯᠵᠦ᠂ ᠤᠯᠠᠨ ᠲᠦᠮᠡᠨ ᠠᠴᠠ ᠬᠢᠨᠠᠯᠳᠠ ᠲᠠᠯᠪᠢᠵᠦ᠂ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠦᠬᠡᠢ ᠪᠠᠶᠢᠪᠠᠯ ᠬᠤᠭᠤᠴᠠᠭ᠎ᠠ ᠰᠤᠯᠢᠬᠤ ᠠᠴᠠ ᠡᠮᠦᠨ᠎ᠡ ᠺᠠᠳ᠋ᠷ ᠢ ᠲᠠᠬᠢᠨ ᠲᠤᠬᠢᠷᠠᠭᠤᠯᠵᠦ᠂ ᠤᠳᠤ ᠪᠤᠯᠳᠠᠯ᠎ᠠ ᠨᠡᠶᠢᠳᠡ 38 ᠬᠦᠮᠦᠨ ᠢ ᠲᠤᠮᠢᠯᠠᠬᠤ ᠪᠤᠶᠤ ᠲᠤᠬᠢᠷᠠᠭᠤᠯᠤᠯᠲᠠ ᠬᠢᠭᠰᠡᠨ ᠪᠠᠶᠢᠨ᠎ᠠ᠃ ᠡᠬᠦᠨ ᠤ ᠬᠠᠮᠲᠤ᠂ ᠮᠠᠨ ᠤ ᠠᠶᠢᠮᠠᠭ ᠤᠨ 4 ᠬᠤᠰᠢᠭᠤ ᠰᠢᠶᠠᠨ ᠬᠤᠲᠠ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠴᠢᠳᠠᠪᠤᠷᠢᠳᠠᠨ ᠢ ᠭᠠᠴᠠᠭ᠎ᠠ ᠲᠤᠰᠬᠤᠨ ᠳᠤ ᠤᠷᠢᠵᠦ ᠬᠡᠷᠡᠭᠯᠡᠬᠦ ᠵᠡᠷᠯᠠᠯ ᠲᠠᠷᠬᠠᠭᠠᠵᠦ᠂ ᠤᠷᠤᠨ ᠨᠤᠲᠤᠭ ᠤᠨ ᠴᠢᠳᠠᠪᠤᠷᠢᠳᠠᠨ᠂ ᠪᠠᠶᠠᠵᠢᠯ ᠤᠨ ᠳᠠᠭᠠᠭᠤᠯᠤᠭᠴᠢ᠂ ᠤᠶᠤᠳᠠᠨ ᠵᠡᠷᠭᠡ ᠴᠢᠳᠠᠪᠤᠷᠢᠳᠠᠨ ᠤ ᠰᠤᠩᠭᠤᠭᠤᠯᠢ ᠳᠤ ᠤᠷᠤᠯᠴᠠᠬᠤ ᠶᠢ ᠵᠤᠷᠢᠭᠵᠢᠭᠤᠯᠪᠠ᠃         ᠤᠢᠢᠯᠠᠭᠠᠭᠰᠠᠨ ᠢᠶᠠᠷ᠂ ᠮᠠᠨ ᠤ ᠠᠶᠢᠮᠠᠭ 6 ᠰᠠᠷ᠎ᠠ ᠶᠢᠨ ᠰᠡᠬᠦᠯᠴᠢ ᠪᠠᠷ ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶᠎ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠬᠤᠭᠤᠴᠠᠭ᠎ᠠ ᠰᠤᠯᠢᠬᠤ ᠠᠵᠢᠯ ᠢ ᠴᠢᠨᠠᠷ ᠰᠠᠶᠢᠲᠠᠢ ᠪᠠᠷ ᠪᠡᠶᠡᠯᠡᠬᠦᠯᠵᠦ᠂ 9 ᠰᠠᠷ᠎ᠠ ᠶᠢᠨ ᠰᠡᠬᠦᠯᠴᠢ ᠠᠴᠠ ᠡᠮᠦᠨ᠎ᠠ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠪᠠ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠤᠨ ᠬᠤᠭᠤᠴᠠᠭ᠎ᠠ ᠰᠤᠯᠢᠬᠤ ᠠᠵᠢᠯ ᠢ ᠴᠢᠨᠠᠷ ᠰᠠᠶᠢᠲᠠᠢ ᠪᠠᠷ ᠪᠡᠶᠡᠯᠡᠬᠦᠯᠬᠦ ᠪᠤᠯᠤᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号