ᠮᠠᠨ ᠤ ᠠᠶᠢᠮᠠᠭ ᠤᠨ ᠡᠯ᠎ᠠ ᠭᠠᠵᠠᠷ ᠲᠤ ᠭᠤᠤᠯᠳᠠᠯᠭᠠᠲᠤ ᠲᠦᠷᠦᠯ ᠵᠦᠢᠯ ᠤᠨ ᠪᠠᠷᠢᠯᠭ᠎ᠠ ᠡᠬᠢᠯᠡᠬᠦᠯᠬᠦ ᠬᠠᠯᠠᠭᠤᠨ ᠦᠷᠨᠢᠯᠲᠡ ᠭᠠᠷᠴᠠᠢ
ᠨᠡᠶᠢᠲᠡᠯᠡᠭᠰᠡᠨ ᠴᠠᠭ᠄
2018-06-06
      ᠡᠨᠡ ᠵᠢᠯ᠂ ᠮᠠᠨ ᠤ ᠠᠶᠢᠮᠠᠭ ᠲᠦᠷᠦᠯ ᠵᠦᠢᠯ ᠢ ᠠᠳᠬᠤᠬᠤ ᠪᠤᠯ ᠲᠠᠷᠤᠢ ᠬᠦᠭᠵᠢᠯᠲᠠ ᠶᠢ ᠠᠳᠬᠤᠬᠤ ᠬᠦᠭᠵᠢᠯᠲᠠ ᠶᠢᠨ ᠤᠢᠢᠯᠠᠭᠠᠭᠳᠠᠬᠤᠨ ᠢ ᠪᠠᠲᠤ ᠪᠤᠢ ᠪᠤᠯᠭᠠᠵᠦ᠂ ᠮᠠᠨ ᠤ ᠠᠶᠢᠮᠠᠭ ᠤᠨ ᠠᠵᠦ ᠦᠢᠯᠡᠰ ᠤᠨ ᠰᠠᠭᠤᠷᠢ ᠪᠠ ᠬᠦᠭᠵᠢᠯᠲᠠ ᠶᠢᠨ ᠴᠢᠭᠯᠡᠯ ᠳᠤ ᠰᠠᠭᠤᠷᠢᠯᠠᠵᠦ᠂ ᠬᠤᠷᠸ᠎ᠠ ᠠᠵᠦ ᠠᠬᠤᠢ ᠶᠢᠨ ᠪᠠᠶᠢᠳᠠᠯ ᠪᠠ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ ᠨᠢᠮᠪᠠᠢ ᠰᠤᠳᠤᠯᠵᠦ᠂ ᠲᠦᠷᠦᠯ ᠵᠦᠢᠯ ᠤᠨ ᠬᠦᠮᠦᠷᠭᠡᠯᠡᠯᠲᠠ ᠶᠢ ᠲᠡᠬᠦᠯᠳᠡᠷᠵᠢᠬᠦᠯᠵᠦ᠂ ︽ᠭᠤᠷᠪᠠ ᠶᠢ ᠪᠠᠭᠠᠰᠠᠬᠵᠦ ᠨᠢᠬᠡ ᠶᠢ ᠲᠤᠷᠤᠭᠰᠢᠯᠠᠭᠤᠯᠵᠦ ᠨᠢᠬᠡ ᠶᠢ ᠨᠦᠬᠦᠪᠦᠷᠢᠯᠡᠬᠦ︾᠂ ︽ ᠭᠤᠷᠪᠠᠨ ᠶᠡᠭᠡ ᠪᠤᠭᠤᠮᠳᠠ ᠰᠢᠪᠲᠤᠯᠬᠤ ᠲᠠᠶᠢᠯᠠᠯᠳᠤᠭᠠᠨ︾᠂ ᠰᠠᠭᠤᠷᠢ ᠪᠦᠲᠦᠭᠡᠨ ᠪᠠᠶᠢᠭᠤᠯᠤᠯᠲᠠ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠲᠠ᠂ ᠨᠡᠶᠢᠬᠡᠮ ᠠᠷᠠᠳ ᠤᠨ ᠠᠮᠢᠳᠤᠷᠠᠯ ᠵᠡᠷᠭᠡ ᠬᠦᠷᠢᠶᠡᠨ ᠳᠠᠬᠢ ᠲᠦᠷᠦᠯ ᠵᠦᠢᠯ ᠢ ᠢᠳᠡᠪᠬᠢᠲᠠᠢ ᠡᠷᠡᠮᠡᠯᠵᠡᠯᠡᠨ᠂ ᠲᠦᠯᠦᠪᠵᠢᠬᠦᠯᠦᠨ ᠠᠬᠢᠭᠤᠯᠵᠠᠢ᠃ ᠪᠦᠬᠦ ᠵᠢᠯ ᠳᠤ ᠠᠶᠢᠮᠠᠭ ᠤᠨ ᠲᠡᠰ ᠤᠨ ᠭᠤᠤᠯᠳᠠᠯᠭᠠᠲᠤ ᠲᠦᠷᠦᠯ ᠵᠦᠢᠯ 148᠎ ᠶᠢ ᠪᠠᠶᠢᠷᠢᠯᠠᠭᠤᠯᠵᠦ᠂ 475 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠲᠠ ᠶᠢ ᠪᠡᠶᠡᠯᠡᠬᠦᠯᠬᠦ ᠪᠠᠷ ᠲᠦᠯᠦᠪᠯᠡᠵᠦ ᠪᠤᠢ᠃         ᠭᠤᠤᠯᠳᠠᠯᠭᠠᠲᠤ ᠲᠦᠷᠦᠯ ᠵᠦᠢᠯ ᠤᠨ ᠪᠦᠳᠤᠬᠡᠨ ᠪᠠᠶᠢᠭᠤᠯᠤᠯᠲᠠ ᠶᠢ ᠲᠦᠷᠭᠡᠳᠭᠡᠬᠦ ᠶᠢᠨ ᠲᠤᠯᠠᠳᠠ᠂ ᠮᠠᠨ ᠤ ᠠᠶᠢᠮᠠᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠠᠵᠢᠯ ᠤᠨ ᠠᠬᠢᠴᠠ ᠶᠢ ᠪᠠᠲᠤᠯᠠᠵᠠᠢ᠃ ᠴᠢᠬᠤᠯᠡ ᠶᠡᠭᠡ ᠲᠦᠷᠦᠯ ᠵᠦᠢᠯ ᠢ ᠪᠠᠷᠢᠯᠭ᠎ᠠ ᠡᠬᠢᠯᠡᠬᠦᠯᠵᠦ ᠠᠰᠢᠭᠯᠠᠯᠲᠠ ᠳᠤ ᠤᠷᠤᠭᠤᠯᠬᠤ ᠶᠢ ᠠᠬᠢᠭᠤᠯᠵᠦ᠂ ᠲᠦᠯᠦᠪᠯᠡᠭᠡ ᠳᠤ ᠤᠷᠤᠭᠤᠯᠤᠭᠰᠠᠨ ᠰᠢᠨ᠎ᠡ ᠪᠠᠷ ᠡᠬᠢᠯᠡᠬᠦ ᠲᠦᠷᠦᠯ ᠵᠦᠢᠯ ᠢ ᠠᠶᠢᠮᠠᠭ ᠬᠤᠰᠢᠭᠤ ᠬᠤᠶᠠᠷ ᠱᠠᠲᠤᠨ ᠠᠴᠠ ᠡᠬᠦᠷᠭᠡ ᠬᠠᠷᠢᠭᠤᠴᠠᠯᠭ᠎ᠠ ᠪᠠᠨ ᠲᠤᠲᠤᠳᠬᠠᠵᠦ᠂ ᠰᠠᠯᠠᠭ᠎ᠠ ᠮᠥᠴᠢᠷ ᠬᠤᠭᠤᠷᠤᠨᠲᠤ ᠪᠠᠨ ᠬᠠᠪᠰᠤᠷᠤᠯᠴᠠᠨ ᠠᠵᠢᠯᠯᠠᠵᠦ᠂ ᠭᠠᠵᠠᠷ ᠰᠢᠷᠤᠢ᠂ ᠪᠡᠯᠡ ᠮᠦᠩᠬᠦ᠂ ᠢᠵᠢ ᠪᠦᠷᠢᠳᠦᠬᠦᠯᠬᠦ ᠶᠢ ᠰᠠᠶᠢᠲᠤᠷ ᠨᠠᠶᠢᠳᠠᠪᠤᠷᠢᠵᠢᠭᠤᠯᠵᠦ᠂ ᠠᠵᠢᠯ ᠢᠶᠠᠨ ᠠᠬᠢᠭᠤᠯᠪᠠ︔ ᠲᠤᠭᠳᠠᠭᠰᠠᠨ ᠬᠤᠭᠤᠴᠠᠭᠠᠨ ᠳᠤ ᠪᠠᠷᠢᠯᠭ᠎ᠠ ᠰᠡᠷᠬᠦᠬᠡᠬᠦ ᠲᠦᠷᠦᠯ ᠵᠦᠢᠯ ᠤᠨ ᠪᠠᠷᠢᠯᠭ᠎ᠠ ᠶᠢᠨ ᠬᠤᠭᠤᠴᠠᠭ᠎ᠠ ᠶᠢ ᠵᠤᠬᠢᠰᠲᠠᠢ ᠲᠤᠬᠢᠷᠠᠭᠤᠯᠵᠦ᠂ ᠲᠦᠷᠦᠯ ᠵᠦᠢᠯ ᠤᠨ ᠠᠬᠢᠴᠠ ᠶᠢ ᠪᠦᠬᠦ ᠬᠦᠴᠦᠨ ᠢᠶᠠᠷ ᠠᠬᠢᠭᠤᠯᠪᠠ᠃ ᠤᠯᠤᠰ ᠪᠠ ᠥᠪᠡᠷᠲᠡᠭᠡᠨ ᠵᠠᠰᠠᠬᠤ ᠤᠷᠤᠨ ᠤ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠬᠦᠯᠬᠡ ᠶᠢᠨ ᠬᠦᠳᠦᠯᠪᠤᠷᠢ ᠪᠠ ᠬᠠᠮᠢᠶ᠎ᠠ ᠪᠦᠬᠦᠢ ᠭᠤᠤᠯᠳᠠᠯᠭᠠᠲᠤ ᠲᠦᠯᠦᠪᠵᠢᠬᠦᠯᠭᠡ ᠳᠤ ᠦᠨᠡᠯᠡᠯᠲᠡ ᠪᠡ ᠲᠤᠬᠢᠷᠠᠭᠤᠯᠤᠯᠲᠠ ᠬᠢᠬᠦ ᠲᠤᠬᠢᠶᠠᠯ ᠢ ᠠᠳᠬᠤᠵᠦ᠂ ᠪᠡᠯᠡ ᠤᠷᠤᠭᠤᠯᠤᠯᠲᠠ ᠶᠢᠨ ᠤᠳᠤᠷᠢᠳᠤᠮᠵᠢ ᠪᠠ ᠲᠦᠷᠦ ᠶᠢᠨ ᠪᠤᠳᠤᠯᠭ᠎ᠠ ᠶᠢᠨ ᠬᠤᠪᠢᠷᠠᠯᠲᠠ ᠶᠢ ᠰᠠᠶᠢᠲᠤᠷ ᠡᠵᠡᠮᠳᠡᠵᠦ᠂ ᠲᠦᠷᠦᠯ ᠵᠦᠢᠯ ᠤᠨ ᠲᠦᠯᠦᠪᠵᠢᠬᠦᠯᠭᠡ ᠪᠠ ᠬᠦᠮᠦᠷᠭᠡᠯᠡᠯᠲᠡ ᠶᠢ ᠴᠢᠩᠭᠠᠳᠬᠠᠪᠠ᠃ ᠠᠵᠦ ᠠᠬᠤᠢᠢᠯᠠᠯ ᠤᠨ ᠪᠡᠯᠡ ᠤᠷᠤᠭᠤᠯᠬᠤ ᠭᠤᠤᠯ ᠴᠤᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠦ᠂ ᠨᠡᠶᠢᠳᠡ ᠶᠢᠨ ᠦᠮᠴᠢᠯᠡᠯ ᠤᠨ ᠪᠤᠰᠤ ᠠᠵᠦ ᠠᠬᠤᠢ ᠶᠢ ᠬᠦᠭᠵᠢᠬᠦᠯᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠦ᠂ ᠠᠷᠠᠳ ᠤᠨ ᠲᠤᠮᠳᠠᠬᠢ ᠪᠡᠯᠡ ᠤᠷᠤᠭᠤᠯᠤᠯᠲᠠ ᠪᠠ PPP ᠲᠦᠷᠦᠯ ᠵᠦᠢᠯ ᠢ ᠬᠦᠭᠵᠢᠬᠦᠯᠵᠦ᠂ ᠠᠷᠠᠳ ᠤᠨ ᠲᠤᠮᠳᠠᠬᠢ ᠪᠡᠯᠡ ᠤᠷᠤᠭᠤᠯᠤᠯᠲᠠ ᠶᠢᠨ ᠬᠦᠷᠢᠶ᠎ᠡ ᠭᠡᠪᠴᠢᠶ᠎ᠡ ᠶᠢ ᠦᠷᠭᠡᠳᠭᠡᠪᠡ᠃ ᠮᠦᠩᠬᠦᠨ ᠬᠦᠢᠯᠭᠡᠭᠡᠨ ᠤ ᠪᠠᠶᠢᠭᠤᠯᠤᠮᠵᠢ ᠳᠤ ᠬᠦᠳᠡᠯᠦᠩᠬᠦᠢ ᠪᠠᠷ ᠲᠦᠷᠦᠯ ᠵᠦᠢᠯ ᠢ ᠲᠠᠨᠢᠯᠴᠠᠭᠤᠯᠬᠤ ᠲᠤᠭᠳᠠᠴᠠ ᠶᠢ ᠪᠤᠢ ᠪᠤᠯᠭᠠᠵᠦ᠂ ᠨᠦᠬᠦᠴᠡᠯ ᠲᠠᠢ ᠠᠵᠦ ᠠᠬᠤᠢᠢᠯᠠᠯ ᠠᠴᠠ ᠠᠵᠦ ᠠᠬᠤᠢᠢᠯᠠᠯ ᠤᠨ ᠵᠢᠭᠡᠯᠡᠯᠭᠡ ᠶᠢᠨ ᠲᠡᠮᠳᠡᠭᠲᠤ ᠲᠠᠷᠬᠠᠭᠠᠬᠤ ᠶᠢ ᠵᠤᠷᠢᠭᠵᠢᠭᠤᠯᠵᠦ᠂ ᠡᠯ᠎ᠠ ᠵᠦᠢᠯ ᠤᠨ ᠪᠡᠯᠡ ᠤᠷᠤᠭᠤᠯᠤᠯᠲᠠ ᠶᠢᠨ ᠰᠠᠭᠤᠷᠢ ᠮᠦᠩᠬᠦ ᠶᠢ ᠠᠮᠢᠳᠤᠯᠢᠭ ᠢᠶᠠᠷ ᠬᠡᠷᠡᠭᠯᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号