ᠮᠠᠨ ᠤ ᠠᠶᠢᠮᠠᠭ ᠤᠨ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠠᠮᠵᠢᠯᠳᠠ ᠲᠠᠢ ᠪᠠᠷ | ᠳᠠᠭᠤᠰᠬᠤ ᠶᠢᠨ ᠳᠠᠭᠠᠤ ᠳᠤ ᠪᠦᠬᠦ ᠠᠶᠢᠮᠠᠭ ᠤᠨ ᠲᠥᠯ ᠲᠤᠰᠴᠤ ᠪᠤᠶᠢᠵᠢᠭᠤᠯᠬᠤ ᠠᠵᠢᠯ ᠴᠤ ᠳᠦᠭᠦᠷᠡᠩ | ᠠᠮᠵᠢᠯᠳᠠ ᠲᠠᠢ ᠪᠤᠯᠪᠠ᠃ ᠤᠢᠢᠯᠠᠭᠠᠭᠰᠠᠨ ᠢᠶᠠᠷ 5 ᠰᠠᠷ᠎ᠠ ᠶᠢᠨ 31 ᠤ ᠡᠳᠦᠷ ᠪᠤᠯᠳᠠᠯ᠎ᠠ ᠪᠦᠬᠦ ᠠᠶᠢᠮᠠᠭ ᠢᠶᠠᠷ ᠢᠶᠠᠨ | ᠨᠡᠶᠢᠳᠡ 611.48 ᠲᠦᠮᠡᠨ ᠲᠦᠯ ᠲᠤᠰᠴᠤ᠂ ᠡᠭᠦᠨ ᠳᠤ ᠪᠤᠳᠠ ᠮᠠᠯ ᠤᠨ ᠲᠥᠯ 63.5 ᠲᠦᠮᠡ ︵ᠡᠬᠦᠨ ᠳᠤ | ᠦᠬᠡᠷ 59.3 ᠲᠦᠮᠡ︶᠂ ᠪᠤᠭ ᠮᠠᠯ ᠤᠨ ᠲᠥᠯ 547.98 ᠲᠦᠮᠡ ᠪᠠᠶᠢᠵᠦ᠂ ᠪᠤᠶᠢᠵᠢᠯᠳᠠ ᠶᠢᠨ ᠨᠤᠷᠮ᠎ᠠ ᠨᠢ | 99.5% ᠳᠤ ᠬᠦᠷᠴᠠᠢ᠃ | ᠪᠦᠬᠦ ᠠᠶᠢᠮᠠᠭ ᠤᠨ ᠪᠤᠳᠠ ᠮᠠᠯ ᠤᠨ ᠲᠥᠯ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.65 ᠲᠦᠮᠡ | ᠨᠡᠮᠡᠭᠳᠡᠵᠦ ︵ᠡᠭᠦᠨ ᠳᠤ ᠦᠬᠡᠷ ᠨᠢᠳᠦᠨᠤᠨ ᠤ ᠠᠳᠠᠯᠢ ᠬᠤᠭᠤᠴᠠᠭᠠᠨ ᠤ ᠬᠢ ᠠᠴᠠ 7.5 ᠲᠦᠮᠡ ᠨᠡᠮᠡᠭᠳᠡᠵᠠᠢ︶᠂ | ᠪᠤᠭ ᠮᠠᠯ ᠤᠨ ᠲᠥᠯ 82.97 ᠲᠦᠮᠡ ᠪᠠᠭᠠᠰᠴᠠᠢ᠃ ᠮᠠᠨ ᠤ ᠠᠶᠢᠮᠠᠭ ᠮᠠᠯ ᠠᠵᠤ ᠠᠬᠤᠢ ᠶᠢᠨ ᠬᠠᠨᠭ᠍ᠭᠠᠯᠭ᠎ᠠ ᠶᠢᠨ | ᠲᠠᠯ᠎ᠠ ᠶᠢᠨ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠠᠬᠢᠭᠤᠯᠵᠦ᠂ ︽ᠬᠤᠨᠢ ᠶᠢ ᠴᠥᠬᠡᠳᠭᠡᠵᠦ ᠦᠬᠡᠷ ᠢ | ᠨᠡᠮᠡᠭᠳᠡᠭᠦᠯᠬᠦ︾ ᠪᠠᠶᠢᠯᠳᠤᠬᠤ ᠪᠤᠳᠤᠯᠭ᠎ᠠ ᠶᠢ ᠭᠡᠷᠡᠭᠵᠢᠭᠦᠯᠦᠭᠰᠡᠨ ᠢᠶᠠᠷ ᠪᠤᠳᠠ ᠮᠠᠯ ᠤᠨ ᠲᠥᠯ ᠤᠨ ᠲᠤᠭ᠎ᠠ ᠶᠡᠬᠡᠪᠡᠷ | ᠨᠡᠮᠡᠭᠳᠡᠵᠦ᠂ ᠪᠤᠭ ᠮᠠᠯ ᠤᠨ ᠲᠥᠯ ᠤᠨ ᠲᠤᠭ᠎ᠠ ᠪᠠᠭᠠᠰᠤᠬᠰᠠᠨ ᠪᠠᠶᠢᠨ᠎ᠠ᠃ | ᠠᠪᠠᠭ᠎ᠠ ᠬᠤᠰᠢᠭᠤ ᠨᠡᠶᠢᠳᠡ 88.0929 ᠲᠦᠮᠡᠨ ᠲᠥᠯ ᠳᠤᠰᠴᠤ᠂ ᠡᠭᠦᠨ ᠳᠤ ᠪᠤᠳᠠ ᠮᠠᠯ ᠤᠨ ᠲᠥᠯ 7. | 0107 ᠲᠦᠮᠡ ᠪᠠᠶᠢᠵᠦ᠂ ᠪᠤᠭ ᠮᠠᠯ ᠤᠨ ᠲᠥᠯ 81.0822 ᠲᠦᠮᠡ ᠲᠤᠰᠴᠤ᠂ ᠪᠤᠶᠢᠵᠢᠯᠳᠠ ᠶᠢᠨ ᠨᠤᠷᠮ᠎ᠠ 99. | 8% ᠳᠤ ᠬᠦᠷᠴᠠᠢ᠃ ᠲᠤᠰ ᠬᠤᠰᠢᠭᠤ ᠪᠦᠬᠦ ᠠᠶᠢᠮᠠᠭ ᠤᠨ ︽ᠬᠤᠨᠢ ᠶᠢ ᠴᠦᠭᠡᠳᠭᠡᠵᠦ ᠦᠬᠡᠷ ᠢ ᠨᠡᠮᠡᠭᠳᠡᠭᠦᠯᠭᠦ︾ | ᠲᠥᠷᠥ ᠶᠢᠨ ᠪᠤᠳᠤᠯᠭ᠎ᠠ ᠶᠢ ᠦᠨᠳᠦᠰᠦᠯᠡᠨ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠨᠤᠲᠤᠭ ᠪᠡᠯᠴᠢᠭᠡᠷ ᠤᠨ | ᠡᠬᠢ ᠪᠠᠶᠠᠯᠢᠭ᠂ ᠰᠢᠯᠢᠳᠡᠭ ᠡᠭᠦᠯᠳᠡᠷ ᠤᠨ ᠡᠬᠢ ᠪᠠᠶᠠᠯᠢᠭ ᠪᠠ ᠤᠷᠤᠨ ᠪᠠᠶᠢᠷᠢ ᠵᠡᠷᠭᠡ ᠤᠯᠠᠨ ᠲᠠᠯ᠎ᠠ ᠶᠢᠨ | ᠳᠠᠪᠠᠭᠤᠯᠢᠭ ᠢᠶᠠᠨ ᠪᠠᠳᠠᠷᠠᠭᠤᠯᠵᠦ᠂ ᠤᠳᠤ ᠦᠶ᠎ᠡ ᠶᠢᠨ ᠮᠠᠯ ᠠᠵᠤ ᠠᠬᠤᠢ ᠶᠢ ᠲᠦᠷᠭᠡᠳᠭᠡᠨ ᠬᠥᠭᠵᠢᠭᠦᠯᠬᠦ ᠠᠰᠢᠭᠲᠠᠢ | ᠳᠤᠬᠢᠶᠠᠯ ᠢ ᠠᠳᠬᠤᠵᠦ᠂ ᠮᠠᠯ ᠠᠵᠤ ᠠᠬᠤᠢ ᠶᠢᠨ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠥᠭᠡᠷᠡᠴᠢᠯᠡᠯᠳᠡ ᠶᠢ ᠶᠡᠭᠡ ᠬᠦᠴᠦᠨ ᠢᠶᠠᠷ ᠠᠬᠢᠭᠤᠯᠵᠦ᠂ ᠰᠦᠷᠥᠭ ᠤᠨ ᠪᠦᠲᠦᠴᠡ ᠶᠢ ᠤᠯᠠᠮ ᠨᠢᠭᠡ ᠠᠯᠬᠤᠮ | ᠰᠢᠯᠢᠳᠡᠭᠵᠢᠭᠦᠯᠵᠦ᠂ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠶᠢᠨ | ᠬᠤᠪᠢᠷᠠᠭᠤᠯᠤᠯᠳᠠ ᠶᠢ ᠲᠦᠷᠭᠡᠳᠭᠡᠵᠦ᠂ ︽ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠦᠢᠯᠡᠰ ᠢ ᠬᠥᠭᠵᠢᠭᠦᠯᠬᠦ | ᠲᠥᠯᠥᠪᠵᠢᠭᠦᠯᠭᠡ ︵2016-2020︶︾ ᠪᠠ ︽ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠦᠢᠯᠡᠰ ᠢ | ᠳᠡᠮᠵᠢᠨ ᠳᠡᠳᠭᠦᠭᠦ ᠲᠥᠷᠥ ᠶᠢᠨ ᠪᠤᠳᠤᠯᠭ᠎ᠠ︾ ᠶᠢ ᠲᠤᠭᠳᠠᠭᠠᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ | ᠳᠦᠯᠦᠪᠵᠢᠬᠦᠯᠬᠡ ᠶᠢᠨ ᠬᠤᠭᠤᠴᠠᠭᠠᠨ ᠳᠤ ᠭᠠᠳᠠᠨ᠎ᠠ ᠠᠴᠠ 2 ᠲᠦᠮᠡᠨ ᠰᠢᠯᠢᠳᠡᠭ ᠡᠭᠦᠯᠳᠡᠷ ᠤᠨ ᠦᠬᠡᠷ | ᠤᠷᠤᠭᠤᠯᠵᠦ᠂ 2020 ᠤᠨ ᠬᠦᠷᠲᠡᠯ᠎ᠠ᠂ ᠰᠢᠮᠧᠨ᠋ᠲ᠋ᠠᠷ ᠡᠭᠦᠯᠳᠡᠷ ᠢᠶᠠᠷ ᠭᠤᠤᠯᠳᠠᠭᠤᠯᠵᠦ ᠠᠩᠭᠢᠰ ᠡᠭᠦᠯᠳᠡᠷ ᠢᠶᠠᠷ | ᠨᠥᠬᠦᠪᠦᠷᠢ ᠪᠤᠯᠭᠠᠭᠰᠠᠨ ᠰᠢᠯᠢᠳᠡᠭ ᠡᠭᠦᠯᠳᠡᠷ ᠤᠨ ᠦᠨᠢᠶ᠎ᠡ ᠶᠢ 16 ᠲᠦᠮᠡ ᠬᠦᠷᠭᠡᠵᠦ᠂ ᠵᠢᠯ ᠪᠦ᠋ᠷᠢ 10 | ᠲᠦᠮᠡ ᠠᠴᠠ ᠳᠡᠭᠡᠭᠰᠢ ᠦᠬᠡᠷ ᠵᠠᠷᠤᠴᠠᠭᠤᠯᠤᠨ᠂ ᠦᠬᠡᠷ ᠪᠦᠷᠢ ᠶᠢᠨ ᠶᠡᠷᠦᠩᠬᠡᠶᠢᠯᠡᠭᠰᠡᠨ ᠥᠷᠲᠡᠭ ᠢ 2.5 ᠲᠦᠮᠡᠨ | ᠲᠦᠭᠦᠷᠢᠭ ᠬᠦᠷᠭᠡᠬᠦ ᠬᠥᠭᠵᠢᠯᠳᠡ ᠶᠢᠨ ᠬᠠᠷᠠᠯᠳᠠ ᠶᠢ ᠪᠡᠶᠡᠯᠡᠬᠦᠯᠬᠦ ᠪᠠᠷ ᠬᠦᠴᠦᠯᠡᠵᠦ ᠪᠤᠢ᠃ | 2017 ᠤᠨ ᠤ ᠰᠡᠭᠦᠯᠴᠢ ᠳᠤ᠂ ᠠᠪᠠᠭ᠎ᠠ ᠬᠤᠰᠢᠭᠤᠨ ᠤ ᠰᠢᠯᠢᠳᠡᠭ ᠡᠭᠦᠯᠳᠡᠷ ᠤᠨ ᠦᠬᠡᠷ ᠤᠨ ᠲᠤᠭ᠎ᠠ 11. | 09 ᠲᠦᠮᠡ ᠬᠦᠷᠴᠤ᠂ ᠳᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠵᠦ᠂ ᠪᠤᠭ | ᠮᠠᠯ ᠤᠨ ᠲᠤᠭ᠎ᠠ 90.6 ᠲᠦᠮᠡ ᠪᠠᠭᠠᠰᠴᠤ᠂ ᠳᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ 18% ᠪᠠᠷ | ᠬᠠᠰᠤᠬᠳᠠᠵᠦ᠂ ᠰᠢᠯᠢᠳᠡᠭ ᠡᠭᠦᠯᠳᠡᠷ ᠤᠨ ᠦᠬᠡᠷ ᠤᠨ ᠵᠠᠷᠤᠴᠠᠭᠤᠯᠤᠯᠳᠠ 8.12 ᠲᠦᠮᠡ ᠬᠦᠷᠴᠤ᠂ ᠲᠠᠯ᠎ᠠ | ᠨᠤᠲᠤᠭ ᠤᠨ ᠠᠮᠢ ᠠᠬᠤᠢ ᠵᠢᠯ ᠠᠴᠠ ᠵᠢᠯ ᠰᠠᠶᠢᠵᠢᠷᠠᠵᠦ᠂ ᠮᠠᠯ ᠠᠵᠤ ᠠᠬᠤᠢ ᠶᠢᠨ ᠭᠥᠭᠵᠢᠯᠲᠡ᠂ ᠮᠠᠯᠴᠢᠤᠨ ᠤᠨ | ᠤᠷᠤᠯᠭ᠎ᠠ ᠲᠤᠭᠳᠠᠭᠤᠨ ᠨᠡᠮᠡᠭᠳᠡᠬᠦ ᠬᠤᠤᠰ ᠠᠮᠵᠢᠯᠳᠠ ᠶᠢᠨ ᠬᠥᠭᠵᠢᠯᠳᠠ ᠶᠢᠨ ᠵᠠᠮ ᠢᠶᠠᠷ ᠵᠠᠮᠨᠠᠪᠠ᠃ | ᠠᠪᠠᠭ᠎ᠠ ᠬᠤᠰᠢᠭᠤᠨ ᠤ ᠬᠤᠨᠭ᠍ᠭᠤᠷᠭᠤᠤᠯ ᠪᠠᠯᠭᠠᠰᠤᠨ ᠤ ᠲᠦᠭᠦᠷᠢᠭ ᠭᠠᠴᠠᠭᠠᠨ ᠤ ᠮᠠᠯᠴᠢᠨ ᠳᠠᠪᠬᠤᠷᠪᠠᠶᠠᠷ᠄ ︽ | ᠡᠨᠡ ᠵᠢᠯ ᠮᠠᠨ ᠤ ᠳᠠᠪᠢᠭᠠᠳ ᠰᠢᠮᠧᠨ᠋ᠲ᠋ᠠᠷ ᠲᠤᠭᠤᠯ ᠲᠤᠰᠴᠠᠢ᠂ ᠤᠤᠯ ᠨᠢ ᠮᠠᠨᠠᠶᠢᠬᠢᠨ ᠬᠤᠨᠢ ᠤᠯᠠᠨ ᠮᠠᠯᠵᠢᠳᠠᠭ | ᠪᠠᠶᠢᠭᠰᠠᠨ᠂ 2007 ᠤᠨ ᠳᠤ ᠬᠤᠨᠢ ᠪᠠᠨ ᠴᠦᠭᠡᠳᠭᠡᠭᠡᠳ ᠰᠢᠮᠧᠨ᠋ᠲ᠋ᠠᠷ ᠦᠬᠡᠷ ᠡᠬᠢᠯᠡᠵᠦ ᠮᠠᠯᠵᠢᠵᠠᠢ᠃ ᠰᠢᠮᠧᠨ᠋ᠲ᠋ᠠᠷ | ᠦᠬᠡᠷ ᠮᠠᠯᠵᠢᠬᠤ ᠨᠢ ᠬᠤᠨᠢ ᠶᠢ ᠪᠤᠳᠤᠪᠠᠯ ᠪᠡᠯᠴᠢᠭᠡᠷ ᠲᠤ ᠭᠠᠮᠳᠠᠢ᠂ ᠬᠦᠳᠡᠯᠮᠦᠷᠢ ᠬᠦᠴᠤᠨ ᠳᠤ ᠪᠠᠰᠠ ᠠᠷᠪᠢᠲᠠᠢ | ᠮᠥᠷᠲᠡᠭᠡᠨ ᠤᠷᠤᠯᠭ᠎ᠠ ᠪᠠᠷ ᠴᠤ ᠵᠦᠭᠡᠷ᠂ ᠨᠢᠳᠦᠨᠤᠨ ᠮᠠᠨ ᠤ ᠵᠢᠷᠠᠭᠠᠳ ᠲᠤᠭᠤᠯ ᠢᠶᠠᠨ ᠳᠡᠭᠰᠢᠳᠭᠡᠭᠡᠳ 8000 | ᠳᠦᠭᠦᠷᠢᠭ ᠢᠶᠠᠷ ᠬᠤᠳᠠᠯᠳᠤᠵᠠᠢ︾ ᠭᠡᠵᠦ ᠪᠠᠶᠠᠷᠲᠠᠶᠢᠬᠠᠨ ᠶᠡᠷᠢᠨ᠎ᠠ᠃ ᠡᠳᠡᠨᠡᠶᠢᠬᠢᠨ ᠭᠡᠷ ᠲᠡᠭᠡᠨ ᠬᠦᠮᠦᠨ ᠠᠮᠠ | ᠲᠠᠪᠤᠭᠤᠯᠠ᠂ 9400 ᠮᠦ ᠨᠤᠲᠤᠭ ᠪᠡᠯᠴᠢᠭᠡᠷ ᠳᠡᠭᠡᠷ᠎ᠡ ᠪᠠᠨ ᠵᠠᠭᠤ ᠠᠷᠪᠠᠭᠠᠳ ᠰᠢᠮᠧᠨ᠋ᠲ᠋ᠠᠷ ᠦᠬᠡᠷ ᠮᠠᠯᠵᠢᠵᠦ ᠪᠤᠢ᠂ | ᠳᠠᠪᠬᠤᠷᠪᠠᠶᠠᠷ ᠤᠨ ᠬᠢᠨ 2 ᠰᠠᠷ᠎ᠠ ᠶᠢᠨ ᠰᠡᠭᠦᠯᠴᠢ ᠠᠴᠠ ᠡᠨᠡ ᠵᠢᠯ ᠤᠨ ᠲᠥᠯ ᠲᠤᠰᠬᠤ ᠠᠵᠢᠯ ᠢᠶᠠᠨ ᠡᠬᠢᠯᠡᠭᠦᠯᠵᠦ᠂ | 3 ᠰᠠᠷ᠎ᠠ ᠶᠢᠨ ᠰᠡᠭᠦᠯᠴᠢ ᠪᠤᠯᠳᠠᠯ᠎ᠠ ᠲᠥᠯ ᠲᠤᠰᠬᠤ ᠠᠵᠢᠯ ᠨᠢᠭᠡᠨᠳᠡ ᠳᠠᠭᠤᠰᠴᠠᠢ᠃ ᠲᠤᠷᠰᠢᠯᠭ᠎ᠠ ᠰᠠᠶᠢᠳᠠᠢ ᠬᠠᠰᠢᠷ | ᠮᠠᠯᠴᠢᠨ ᠪᠤᠯᠬᠤᠷ ᠳᠠᠪᠬᠤᠷᠪᠠᠶᠠᠷ ᠨᠢᠳᠦᠨᠤᠨ ᠡᠪᠦᠯ 95 ᠳᠤᠨ ᠡᠪᠡᠰᠦ᠂ 20 ᠳᠤᠨ ᠪᠤᠷᠳᠤᠭ᠎ᠠ ᠪᠡᠯᠡᠳᠭᠡᠭᠡᠳ ᠡᠨᠡ | ᠵᠢᠯ ᠤᠨ ᠬᠠᠰᠢᠶᠠᠯᠠᠭ᠎ᠠ ᠶᠢᠨ ᠬᠤᠭᠤᠴᠠᠭᠠᠨ ᠳᠤ ᠡᠪᠡᠰᠦ ᠪᠤᠷᠳᠤᠭ᠎ᠠ ᠬᠦᠷᠦᠯᠴᠡᠬᠦ᠋ᠢᠴᠠ ᠪᠠᠶᠢᠵᠦ᠂ ᠳᠦᠯ ᠤᠨ | ᠤᠨᠳᠤᠷᠤᠯᠳᠠ ᠶᠢᠨ ᠨᠤᠷᠮ᠎ᠠ ᠨᠢ 99.9% ᠬᠦᠷᠴᠠᠢ᠃ |