ᠡ᠊ ​ ‍ᠨᠡ ᠵᠢᠯ ᠮᠠᠨ ᠤ ᠠᠶᠢᠮᠠᠭ ᠤᠨ 7540 ᠰᠤᠷᠤᠭᠴᠢ ᠶᠡᠭᠡ ᠳᠡᠭᠡᠳᠤ ᠰᠤᠷᠭᠠᠭᠤᠯᠢ ᠳᠤ ᠳᠠᠪᠰᠢᠬᠤ ᠤᠯᠤᠰ ᠤᠨ ᠨᠢᠭᠡᠳᠦᠯᠲᠠᠢ ᠰᠢᠯᠭᠠᠯᠳᠠ ᠳᠤ ᠤᠷᠤᠯᠴᠠᠨ᠎ᠠ
ᠨᠡᠶᠢᠲᠡᠯᠡᠭᠰᠡᠨ ᠴᠠᠭ᠄
2018-06-06
    6 ᠰᠠᠷ᠎ᠠ ᠶᠢᠨ 7᠎ ᠤ ᠡᠳᠦᠷ ᠠᠴᠠ 9᠎ ᠤ ᠡᠳᠦᠷ ᠪᠤᠯᠳᠠᠯ᠎ᠠ᠂ ᠮᠠᠨ ᠤ ᠠᠶᠢᠮᠠᠭ ᠤᠨ 7540 ᠰᠤᠷᠤᠭᠴᠢ 2018 ᠤᠨ ᠤ ᠡᠩ ᠤᠨ ᠶᠡᠭᠡ ᠳᠡᠭᠡᠳᠦ ᠰᠤᠷᠭᠠᠭᠤᠯᠢ ᠳᠤ ᠳᠠᠪᠰᠢᠬᠤ ᠤᠯᠤᠰ ᠤᠨ ᠨᠢᠭᠡᠳᠦᠯᠳᠡᠢ ᠰᠢᠯᠭᠠᠯᠳᠠ ᠳᠤ ᠤᠷᠤᠯᠴᠠᠬᠤ ᠪᠤᠯᠤᠨ᠎ᠠ᠃ ᠮᠠᠨ ᠤ ᠠᠶᠢᠮᠠᠭ ᠤᠨ 13 ᠬᠤᠰᠢᠭᠤ ᠰᠢᠶᠠᠨ ᠬᠤᠳᠠ ︵ᠤᠷᠤᠨ︶᠎ ᠳᠤ ᠨᠡᠶᠢᠳᠡ 15 ᠰᠢᠯᠭᠠᠯᠳᠠ ᠶᠢᠨ ᠭᠠᠵᠠᠷ᠂ 267 ᠰᠢᠯᠭᠠᠯᠳᠠ ᠶᠢᠨ ᠳᠠᠯᠠᠪᠤᠷ ᠳᠤᠬᠢᠷᠠᠭᠤᠯᠵᠦ᠂ ᠡᠳᠡᠭᠡᠷ ᠰᠢᠯᠭᠠᠯᠳᠠ ᠶᠢᠨ ᠲᠠᠯᠠᠪᠤᠷ ᠨᠢ ᠴᠥᠮ ᠪᠠᠷᠢᠮᠵᠢᠶᠠᠵᠢᠭᠰᠠᠨ ᠰᠢᠯᠭᠠᠯᠳᠠ ᠶᠢᠨ ᠲᠠᠯᠠᠪᠤᠷ ᠪᠤᠯᠤᠨ᠎ᠠ᠃         2018 ᠤᠨ ᠤ ᠤᠯᠤᠰ ᠤᠨ ᠨᠢᠭᠡᠳᠦᠯᠲᠠᠢ ᠰᠢᠯᠭᠠᠯᠳᠠ ᠶᠢᠨ ᠤᠷᠤᠭᠰᠢᠲᠠᠢ ᠶᠠᠪᠤᠭᠳᠠᠬᠤ ᠶᠢ ᠪᠠᠳᠤᠯᠠᠵᠦ᠂ ᠰᠢᠯᠭᠠᠭᠤᠯᠬᠤ ᠰᠤᠷᠤᠭᠴᠢᠳ ᠲᠤ ᠠᠮᠤᠷ ᠲᠥᠪᠰᠢᠨ᠂ ᠡᠷᠭᠡ ᠳᠡᠭᠰᠢ᠂ ᠲᠥᠪ ᠭᠤᠤᠯᠴᠢ ᠤᠷᠴᠢᠨ ᠲᠤᠭᠤᠷᠢᠨ ᠪᠦᠷᠢᠯᠳᠦᠭᠦᠯᠵᠦ ᠥᠭᠭᠦ ᠶᠢᠨ ᠲᠤᠯᠠᠳᠠ᠂ ᠮᠠᠨ ᠤ ᠠᠶᠢᠮᠠᠭ ᠵᠢᠴᠢ ᠡᠯ᠎ᠡ ᠬᠤᠰᠢᠭᠤ ᠰᠢᠶᠠᠨ ᠬᠤᠲᠠ ᠶᠢᠨ ᠰᠤᠷᠤᠭᠴᠢ ᠡᠯᠰᠡᠬᠦ ᠵᠥᠪᠯᠡᠯ ᠤᠨ ᠬᠡᠰᠢᠭᠦᠨ ᠪᠠᠶᠢᠭᠤᠯᠭ᠎ᠠ ᠪᠠ ᠬᠤᠯᠪᠤᠭᠳᠠᠯ ᠪᠦᠬᠦᠢ ᠰᠠᠯᠠᠭ᠎ᠠ ᠮᠥᠴᠢᠷ ᠥᠪᠡᠷᠲᠡᠭᠡᠨ ᠵᠠᠰᠠᠬᠤ ᠤᠷᠤᠨ ᠤ ᠨᠢᠭᠡᠳᠦᠯᠲᠠᠢ ᠪᠠᠶᠢᠷᠢᠯᠠᠭᠤᠯᠤᠯᠳᠠ ᠪᠠ ᠱᠠᠭᠠᠷᠳᠠᠯᠭ᠎ᠠ ᠶᠤᠰᠤᠭᠠᠷ᠂ ᠡᠭᠦᠷᠭᠡ ᠬᠠᠷᠢᠭᠤᠴᠠᠯᠭ᠎ᠠ ᠪᠠᠨ ᠳᠤᠳᠤᠷᠬᠠᠢᠢᠯᠠᠵᠦ᠂ ᠪᠦᠬᠦ ᠠᠶᠢᠮᠠᠭ ᠤᠨ ᠡᠯ᠎ᠡ ᠪᠠᠷᠢᠮᠵᠢᠶᠠᠵᠢᠭᠰᠠᠨ ᠰᠢᠯᠭᠠᠯᠳᠠ ᠶᠢᠨ ᠲᠠᠯᠠᠪᠤᠷ ᠤᠨ ᠡᠯ᠎ᠡ ᠭᠤᠭᠴᠤᠭ᠎ᠠ ᠶᠢᠨ ᠠᠮᠤᠷ ᠲᠥᠪᠰᠢᠨ ᠢ ᠪᠠᠳᠤᠯᠠᠬᠤ ᠪᠠᠷ ᠪᠦᠭᠦ᠋ᠢᠯᠡ ᠰᠢᠯᠭᠠᠯᠳᠠ ᠶᠢᠨ ᠭᠠᠵᠠᠷ᠂ ᠰᠢᠯᠭᠠᠯᠳᠠ ᠶᠢᠨ ᠳᠠᠯᠠᠪᠤᠷ ᠤᠨ ᠮᠠᠰᠢᠨ ᠳᠦᠬᠦᠭᠡᠷᠦᠮᠵᠢ ᠳᠤ ᠤᠷᠢᠳᠴᠢᠯᠠᠨ ᠪᠠᠶᠢᠴᠠᠭᠠᠯᠳᠠ ᠬᠢᠵᠦ᠂ ᠢᠯᠡᠷᠡᠭᠦᠯᠦᠭᠰᠡᠨ ᠠᠰᠠᠭᠤᠳᠠᠯ ᠢ ᠨᠢᠭᠡᠨᠳᠡ ᠪᠦᠲᠦᠮᠵᠢᠲᠠᠢ ᠰᠢᠢᠳᠪᠦᠷᠢᠯᠠᠵᠠᠢ᠃ ᠡᠭᠦᠨ ᠤ ᠬᠠᠮᠳᠤ ᠰᠢᠯᠭᠠᠯᠳᠠ ᠶᠢᠨ ᠠᠵᠢᠯᠳᠠᠨ ᠢ ᠰᠤᠩᠭᠤᠨ ᠬᠡᠷᠡᠭᠯᠡᠬᠦ ᠶᠢ ᠴᠢᠩᠭᠠᠳᠬᠠᠵᠦ᠂ ᠤᠯᠤᠰ ᠲᠥᠷᠥ ᠶᠢᠨ ᠲᠠᠯ᠎ᠠ ᠪᠠᠷ ᠨᠠᠶᠢᠳᠠᠪᠤᠷᠢᠳᠠᠢ᠂ ᠬᠠᠤᠯᠢ ᠴᠠᠭᠠᠵᠠ ᠰᠠᠬᠢᠯᠭ᠎ᠠ ᠪᠠᠳᠤ ᠶᠢᠨ ᠦᠵᠡᠯ ᠤᠬᠠᠮᠰᠠᠷ ᠢᠶᠠᠷ ᠴᠢᠩᠭ᠎ᠠ᠂ ᠡᠭᠦᠷᠭᠡ ᠬᠠᠷᠢᠭᠤᠴᠠᠯᠭᠠᠳᠤ ᠤᠬᠠᠮᠰᠠᠷ ᠢᠶᠠᠷ ᠴᠢᠩᠭ᠎ᠠ ᠠᠵᠢᠯᠳᠠᠨ ᠢᠶᠠᠷ ᠬᠠᠮᠢᠶ᠎ᠠ ᠪᠦᠬᠦᠢ ᠰᠢᠯᠭᠠᠯᠳᠠ ᠶᠢᠨ ᠠᠵᠢᠯ ᠢ ᠬᠠᠷᠢᠭᠤᠴᠠᠭᠤᠯᠤᠨ᠎ᠠ᠃ ᠰᠢᠯᠭᠠᠯᠳᠠ ᠶᠢᠨ ᠰᠠᠬᠢᠯᠭ᠎ᠠ ᠪᠠᠳᠤ ᠶᠢᠨ ᠬᠢᠨᠠᠨ ᠪᠠᠶᠢᠴᠠᠭᠠᠯᠳᠠ ᠶᠢ ᠤᠯᠠᠮ ᠨᠢᠭᠡ ᠠᠯᠬᠤᠮ ᠴᠢᠩᠭᠠᠳᠬᠠᠵᠦ᠂ ᠠᠰᠠᠭᠤᠳᠠᠯ ᠢ ᠪᠠᠭ᠎ᠠ ᠲᠡᠭᠡᠷ᠎ᠡ ᠨᠢ ᠴᠠᠭ ᠳᠤᠬᠠᠢ ᠳᠤᠨᠢ ᠢᠯᠡᠷᠡᠭᠦᠯᠦᠨ ᠰᠠᠨᠠᠭᠤᠯᠵᠦ᠂ ᠰᠠᠬᠢᠯᠭ᠎ᠠ ᠪᠠᠳᠤ ᠶᠢ ᠵᠦᠷᠢᠴᠡᠭᠰᠡᠨ ᠠᠵᠢᠯᠯᠠᠭ᠎ᠠ ᠶᠢ ᠴᠠᠭ ᠲᠤᠬᠠᠢ ᠳᠤᠨᠢ ᠪᠠᠶᠢᠴᠠᠭᠠᠨ ᠰᠢᠢᠳᠪᠦᠷᠢᠯᠡᠨ᠎ᠡ᠃         ᠡᠯ᠎ᠡ ᠬᠤᠰᠢᠭᠤ ᠰᠢᠶᠠᠨ ᠬᠤᠳᠠ ︵ᠤᠷᠤᠨ︶᠎ ᠶᠢᠨ ᠬᠤᠯᠪᠤᠭᠳᠠᠯ ᠪᠦᠬᠦᠢ ᠰᠠᠯᠠᠭ᠎ᠠ ᠮᠥᠴᠢᠷ ᠠᠴᠠ ᠥᠨᠥᠬᠡᠨ ᠳᠠᠬᠢᠨᠳᠠ ᠳᠤᠬᠠᠢ ᠶᠢᠨ ᠭᠠᠵᠠᠷ ᠤᠨ ᠰᠢᠯᠭᠠᠯᠳᠠ ᠶᠢᠨ ᠬᠠᠭᠤᠳᠠᠰᠤ ᠶᠢ ᠬᠠᠳᠠᠭᠠᠯᠠᠬᠤ ᠭᠡᠷ᠂ ᠪᠠᠷᠢᠮᠵᠢᠶᠠᠵᠢᠭᠰᠠᠨ ᠰᠢᠯᠭᠠᠯᠳᠠ ᠶᠢᠨ ᠲᠠᠯᠠᠪᠤᠷ ᠵᠢᠴᠢ ᠭᠡᠮ ᠬᠢᠬᠦ ᠶᠢ ᠰᠡᠷᠭᠡᠶᠢᠯᠡᠬᠦ ᠰᠢᠰᠲ᠋ᠧᠮ᠂ ᠰᠢᠯᠭᠠᠨ ᠪᠠᠶᠢᠴᠠᠭᠠᠬᠤ ᠰᠢᠰᠲ᠋ᠧᠮ ᠵᠡᠷᠭᠡ ᠳᠤ ᠪᠦᠬᠦ ᠲᠠᠯ᠎ᠠ ᠶᠢᠨ ᠪᠠᠶᠢᠴᠠᠭᠠᠯᠳᠠ ᠬᠢᠵᠦ᠂ ᠤᠳᠤᠬᠠᠨ ᠪᠤᠯᠳᠠᠯ᠎ᠠ ᠪᠦᠬᠦᠨ ᠢ ᠪᠦᠷᠢᠨᠰᠢᠭᠦᠯᠵᠦ᠂ ᠪᠠᠷᠢᠮᠵᠢᠶᠠᠵᠢᠭᠰᠠᠨ ᠰᠢᠯᠭᠠᠯᠳᠠ ᠶᠢᠨ ᠲᠠᠯᠠᠪᠤᠷ ᠤᠨ ᠡᠯ᠎ᠡ ᠲᠥᠷᠥᠯ ᠤᠨ ᠮᠠᠰᠢᠨ ᠳᠦᠬᠦᠭᠡᠷᠦᠮᠵᠢ ᠶᠢᠨ ᠬᠡᠪ ᠶᠤᠰᠤᠭᠠᠷ ᠠᠵᠢᠯᠯᠠᠬᠤ ᠶᠢ ᠪᠠᠲᠤᠯᠠᠵᠦ ᠪᠤᠢ᠃         ᠡᠷᠡᠮᠠᠯᠵᠠᠯ ᠲᠠᠬᠯᠠᠬᠤ ᠦᠢᠯᠡᠴᠢᠯᠡᠭᠡ ᠶᠢ ᠰᠠᠶᠢᠲᠤᠷ ᠬᠢᠵᠦ᠂ ᠡᠯ᠎ᠡ ᠭᠠᠵᠠᠷ ᠤᠨ ᠬᠢᠨ ᠰᠢᠯᠭᠠᠭᠤᠯᠤᠭᠰᠠᠳ ᠤᠨ ᠡᠷᠡᠮᠡᠯᠵᠠᠯ ᠲᠠᠭᠯᠠᠬᠤ ᠪᠤᠯᠪᠠᠰᠤᠷᠠᠯ ᠪᠠ ᠵᠢᠯᠤᠭᠤᠳᠤᠮᠵᠢ ᠶᠢ ᠴᠢᠩᠭᠠᠳᠬᠠᠵᠦ᠂ ᠠᠰᠠᠭᠤᠨ ᠯᠠᠪᠯᠠᠬᠤ ᠠᠷᠭ᠎ᠠ ᠵᠠᠮ ᠤᠨ ᠰᠠᠭᠠᠳ ᠦᠭᠡᠢ ᠪᠠᠶᠢᠬᠤ ᠶᠢ ᠪᠠᠳᠤᠯᠠᠵᠦ᠂ ᠰᠢᠯᠭᠠᠭᠤᠯᠤᠭᠰᠠᠳ ᠲᠤ ᠡᠷᠡᠮᠡᠯᠵᠡᠯ ᠲᠠᠭᠯᠠᠬᠤ ᠲᠠᠯᠠᠪᠤᠷ ᠪᠠ ᠱᠠᠭᠠᠷᠳᠠᠯᠭ᠎ᠠ ᠶᠢ ᠨᠥᠬᠦᠴᠡᠯ ᠦᠭᠡᠢ ᠬᠠᠨᠭ᠍ᠭᠠᠵᠦ᠂ ᠡᠷᠡᠮᠡᠯᠵᠠᠯ ᠲᠠᠭᠯᠠᠬᠤ ᠵᠢᠯᠤᠭᠤᠳᠤᠯᠭ᠎ᠠ ᠶᠢᠨ ᠠᠵᠢᠯ ᠢ ᠢᠳᠡᠪᠬᠢᠲᠠᠢ ᠬᠢᠨ᠎ᠠ᠃ ᠮᠠᠨ ᠤ ᠠᠶᠢᠮᠠᠭ ᠤᠷᠢᠳ ᠬᠤᠵᠢᠳ ᠬᠤᠶᠠᠷ ᠤᠳᠠᠭ᠎ᠠ ᠳᠤᠮᠳᠠᠳᠤ ᠰᠤᠷᠭᠠᠭᠤᠯᠢ ᠶᠢᠨ ᠪᠠᠭᠰᠢ ᠶᠢ ᠲᠤᠮᠢᠯᠠᠨ ᠥᠪᠡᠷᠲᠡᠭᠡᠨ ᠵᠠᠰᠠᠬᠤ ᠤᠷᠤᠨ ᠤ ᠰᠢᠯᠭᠠᠯᠳᠠ ᠶᠢᠨ ᠲᠥᠪ ᠲᠤ ᠰᠦᠯᠵᠢᠶᠠᠨ ᠳᠡᠭᠡᠷ᠎ᠡ ᠡᠷᠡᠮᠡᠯᠵᠡᠯ ᠲᠠᠭᠯᠠᠬᠤ ᠪᠤᠯᠪᠠᠰᠤᠷᠠᠯ ᠤᠨ ᠠᠩᠭᠢ ᠳᠤ ᠤᠷᠤᠯᠴᠠᠭᠤᠯᠵᠦ᠂ ᠰᠦᠯᠵᠢᠶᠡᠨ ᠳᠡᠭᠡᠷ᠎ᠡ ᠡᠷᠡᠮᠡᠯᠵᠡᠯ ᠲᠠᠭᠯᠠᠬᠤ ᠰᠢᠰᠲ᠋ᠧᠮ ᠤᠨ ᠴᠢᠳᠠᠪᠬᠢ ᠪᠠ ᠶᠠᠪᠤᠴᠠ ᠶᠢ ᠰᠢᠰᠲ᠋ᠧᠮ ᠲᠠᠢ ᠰᠤᠷᠤᠯᠴᠠᠭᠤᠯᠵᠠᠢ᠃ ᠡᠯ᠎ᠡ ᠳᠤᠮᠳᠠᠳᠤ ᠰᠤᠷᠭᠠᠭᠤᠯᠢ ᠰᠢᠯᠭᠠᠭᠤᠯᠤᠭᠰᠠᠳ ᠲᠤ ᠰᠦᠯᠵᠢᠶᠡᠨ ᠳᠡᠭᠡᠷ᠎ᠠ ᠡᠷᠡᠮᠠᠯᠵᠠᠯ ᠲᠠᠠᠯᠠᠬᠤ ᠲᠠᠯᠠᠪᠤᠷ ᠬᠠᠨᠭ᠍ᠭᠠᠵᠦ᠂ ᠡᠷᠡᠮᠡᠯᠵᠠᠯ ᠲᠠᠭᠯᠠᠬᠤ ᠵᠢᠯᠤᠭᠤᠳᠤᠮᠵᠢ᠂ ᠤᠬᠠᠭᠤᠯᠭ᠎ᠠ ᠶᠢ ᠴᠢᠩᠭᠠᠳᠬᠠᠨ᠎ᠠ᠃ ᠠᠰᠢᠭ ᠤᠯᠬᠤ ᠪᠠᠷ ᠵᠤᠷᠢᠯᠭ᠎ᠠ ᠪᠠᠨ ᠪᠤᠯᠭᠠᠭᠰᠠᠨ ᠬᠠᠤᠯᠢ ᠪᠤᠰᠤ ᠪᠤᠯᠪᠠᠰᠤᠷᠠᠯ ᠤᠨ ᠪᠠᠶᠢᠭᠤᠯᠤᠮᠵᠢ ᠪᠤᠶᠤ ᠵᠠᠪᠰᠠᠷ ᠤᠨ ᠵᠤᠬᠢᠶᠠᠨ ᠪᠠᠶᠢᠭᠤᠯᠤᠯᠳᠠ ᠶᠢᠨ ᠡᠯ᠎ᠡ ᠵᠦᠢᠯ ᠤᠨ ᠵᠦᠢ ᠪᠤᠰᠤ ᠠᠵᠢᠯᠯᠠᠭ᠎ᠠ ᠳᠤ ᠡᠷᠡᠰ ᠴᠤᠬᠢᠯᠳᠠ ᠦᠭᠭᠦᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃   ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ : 010098    蒙ICP备05000248号