6 ᠰᠠᠷ᠎ᠠ ᠶᠢᠨ 1 ᠤ ᠦᠳᠡ ᠶᠢᠨ ᠡᠮᠦᠨ᠎ᠡ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ | ᠰᠢᠯᠢ ᠶᠢᠨ ᠬᠤᠲᠠ ᠶᠢᠨ ᠮᠤᠩᠭᠤᠯ ᠦᠨᠳᠦᠰᠦᠳᠡᠨ ᠤ ᠬᠤᠶᠠᠳᠤᠭᠠᠷ ᠪᠠᠭ᠎ᠠ ᠰᠤᠷᠭᠠᠭᠤᠯᠢ ᠳᠤ ᠬᠦᠷᠴᠦ᠂ ︽6 · 1︾ | ᠤ ᠲᠡᠯᠡᠬᠡᠢ ᠶᠢᠨ ᠬᠡᠦᠬᠡᠳ ᠤᠨ ᠪᠠᠶᠠᠷ ᠢ ᠪᠡᠯᠬᠡᠯᠡᠬᠦ ᠠᠵᠢᠯᠯᠠᠭ᠎ᠠ ᠳᠤ ᠤᠷᠤᠯᠴᠠᠵᠦ᠂ ᠪᠦᠬᠦ ᠠᠶᠢᠮᠠᠭ ᠤᠨ ᠬᠡᠥᠬᠡᠳ | ᠪᠠᠭᠠᠴᠤᠳ ᠲᠤ ᠪᠠᠶᠠᠷ ᠤᠨ ᠡᠳᠦᠷ ᠤᠨ ᠮᠡᠨᠳᠦᠴᠢᠯᠠᠯ ᠬᠦᠷᠭᠡᠵᠦ᠂ ᠦᠷᠭᠡᠨ ᠤᠯᠠᠨ ᠪᠠᠭᠰᠢ ᠠᠵᠢᠯᠳᠠᠨ ᠳᠤ | ᠬᠦᠨᠳᠦᠳᠭᠡᠯ ᠲᠠᠯᠠᠷᠬᠠᠯ ᠳᠡᠪᠰᠢᠬᠦᠯᠪᠡ᠃ | ᠯᠦᠸᠧ ᠬᠤ᠋ ᠽᠠᠢ ᠦᠨᠳᠦᠰᠦᠳᠡᠨ ᠤ ᠭᠠᠷ ᠤᠷᠠᠯᠠᠯ᠂ ᠤᠷᠠᠨ ᠵᠢᠷᠤᠭ ᠤᠷᠠᠨ ᠪᠢᠴᠢᠯᠭᠡ᠂ ᠦᠨᠳᠦᠰᠦᠳᠡᠨ ᠤ | ᠬᠦᠭᠵᠢᠮ ᠵᠡᠷᠭᠡ ᠲᠤᠷ᠎ᠠ ᠰᠤᠨᠢᠷᠬᠠᠯ ᠤᠨ ᠬᠢᠴᠢᠶᠡᠯ ᠤᠨ ᠲᠠᠩᠬᠢᠮ ᠢᠶᠠᠷ ᠲᠤᠭᠤᠷᠢᠨ ᠦᠵᠡᠵᠦ᠂ ᠰᠤᠷᠭᠠᠭᠤᠯᠢ ᠶᠢᠨ | ᠬᠠᠷᠢᠭᠤᠴᠠᠯᠭᠠᠳᠠᠨ ᠪᠠ ᠰᠤᠷᠤᠭᠴᠢᠳ ᠲᠠᠢ ᠲᠤᠲᠤᠨᠤᠰᠤᠭ ᠢᠶᠠᠷ ᠶᠠᠷᠢᠯᠴᠠᠵᠦ᠂ ᠰᠤᠷᠭᠠᠭᠤᠯᠢ ᠶᠢᠨ ᠰᠤᠷᠭᠠᠨ | ᠬᠦᠮᠦᠵᠢᠯ᠂ ᠵᠢᠭᠠᠨ ᠰᠤᠷᠭᠠᠯᠲᠠ ᠪᠠ ᠰᠤᠷᠤᠭᠴᠢᠳ ᠤᠨ ᠰᠤᠷᠤᠯᠭ᠎ᠠ ᠠᠮᠢᠳᠤᠷᠠᠯ ᠤᠨ ᠪᠠᠶᠢᠳᠠᠯ ᠢ ᠤᠢᠢᠯᠠᠭᠠᠵᠦ᠂ | ᠬᠡᠥᠬᠡᠳ ᠤᠳ ᠤᠨ ᠡᠷᠡᠭᠦᠯ ᠴᠢᠬᠢᠷᠠᠭ ᠪᠠᠶᠠᠷ ᠭᠦᠷ ᠲᠠᠢ ᠪᠠᠷ ᠦᠰᠦᠨ ᠪᠤᠶᠢᠵᠢᠬᠤ ᠶᠢ ᠵᠦᠩᠨᠡᠪᠡ᠃ | ᠯᠦᠸᠧ ᠬᠤ᠋ ᠽᠠᠢ ᠵᠢᠭᠠᠬᠤ ᠳᠠᠭᠠᠨ᠂ ᠬᠡᠥᠬᠡᠳ ᠪᠠᠭᠠᠴᠤᠳ ᠪᠤᠯ ᠡᠬᠡ ᠤᠯᠤᠰ ᠤᠨ ᠢᠷᠡᠭᠡᠲᠦᠢ᠂ ᠰᠢᠨ᠎ᠠ ᠴᠠᠭ | ᠦᠶ᠎ᠠ ᠶᠢᠨ ᠬᠦᠭᠵᠢᠯᠲᠠ ᠶᠢᠨ ᠢᠷᠡᠭᠡᠲᠦᠢ ᠪᠤᠯᠤᠨ᠎ᠠ᠃ ᠰᠤᠷᠤᠭᠴᠢᠳ ᠥᠪᠡᠷ ᠤᠨ ᠬᠦᠰᠡᠯ ᠡᠷᠡᠮᠡᠯᠵᠡᠯ ᠢᠶᠠᠨ ᠡᠬᠡ | ᠤᠷᠤᠨ ᠤ ᠪᠠᠨ ᠲᠦᠯᠦᠭᠡ ᠵᠢᠳᠬᠦᠬᠦ ᠬᠦᠰᠡᠯ ᠵᠤᠷᠢᠭ ᠯᠤᠭ᠎ᠠ ᠤᠶᠠᠯᠳᠤᠭᠤᠯᠵᠦ᠂ ᠨᠠᠶᠢᠭᠡᠮ ᠵᠢᠷᠤᠮ ᠤᠨ ᠠᠵᠢᠯ | ᠦᠢᠯᠡᠰ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠪᠤᠯᠬᠤ ᠭᠡᠷᠡᠭᠲᠡᠢ᠃ ᠡᠷᠬᠡᠪᠰᠢ ᠰᠠᠶᠢᠲᠤᠷ ᠰᠤᠷᠤᠯᠴᠠᠵᠦ | ᠂ ᠮᠡᠳᠡᠯᠭᠡ ᠴᠢᠳᠡᠪᠤᠷᠢ ᠪᠠᠨ ᠲᠡᠭᠡᠭᠰᠢᠯᠡᠬᠦᠯᠵᠦ᠂ ᠨᠡᠮ ᠪᠡ ᠤᠯᠤᠰ ᠲᠠᠭᠠᠨ ᠬᠡᠷᠡᠭᠴᠡᠭᠡ ᠲᠠᠢ ᠴᠢᠳᠠᠪᠤᠷᠢᠳᠠᠨ ᠪᠤᠯᠬᠤ | ᠭᠡᠷᠡᠭᠲᠡᠢ᠃ ᠦᠷᠭᠡᠨ ᠤᠯᠠᠨ ᠪᠠᠭᠰᠢ ᠨᠠᠷ ᠬᠠᠷᠠᠮ ᠦᠬᠡᠢ ᠪᠠᠷ ᠵᠢᠳᠬᠦᠬᠦ ᠵᠤᠷᠢᠭ ᠰᠠᠨᠠᠭ᠎ᠠ ᠪᠠᠨ ᠦᠷᠬᠦᠯᠵᠢᠯᠡᠨ | ᠪᠠᠳᠠᠷᠠᠭᠤᠯᠵᠦ᠂ ᠬᠡᠥᠬᠡᠳ ᠪᠠᠭᠠᠴᠤᠳ ᠢ ᠰᠤᠷᠭᠠᠨ ᠬᠦᠮᠦᠵᠢᠬᠦᠯᠬᠦ ᠡᠬᠦᠷᠭᠡ ᠬᠠᠷᠢᠭᠤᠴᠠᠯᠭ᠎ᠠ ᠪᠠᠨ ᠰᠠᠶᠢᠲᠤᠷ | ᠪᠡᠶᠡᠯᠡᠬᠦᠯᠬᠦ ᠶᠢ ᠬᠦᠰᠡᠪᠡ᠃ | ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠨᠠᠷᠢᠨ ᠪᠢᠴᠢᠭ ᠤᠨ ᠳᠠᠷᠤᠭ᠎ᠠ ᠸᠠᠩ ᠷᠦᠢ ᠵᠢᠴᠢ | ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠂ ᠰᠢᠯᠢ ᠶᠢᠨ ᠬᠤᠲᠠ ᠶᠢᠨ ᠭᠤᠤᠯ | ᠬᠠᠷᠢᠭᠤᠴᠠᠯᠭᠠᠳᠠᠨ ᠨᠦᠬᠦᠳ ᠠᠵᠢᠯᠯᠠᠭ᠎ᠠ ᠳᠤ ᠤᠷᠤᠯᠴᠠᠪᠠ᠃ |