ᠮᠠᠠ ᠤ ᠠᠶᠢᠮᠠᠭ ᠡᠨᠡ ᠵᠢᠯ ᠨᠠᠶᠢᠳᠠ 611.48 ᠲᠦᠮᠡᠨ ᠲᠦᠯ ᠲᠤᠰᠴᠤ ᠪᠤᠶᠢᠵᠢᠯᠳᠠ ᠶᠢᠨ ᠨᠤᠷᠮ᠎ᠡ 99.5% ᠳᠤ ᠬᠦᠷᠪᠡ ᠪᠤᠳᠠ ᠮᠠᠯ ᠤᠨ ᠲᠥᠯ ᠤᠨ ᠲᠤᠭ᠎ᠠ ᠶᠡᠬᠡᠪᠡᠷ ᠨᠡᠮᠡᠭᠳᠡᠵᠦ ᠪᠤᠭ ᠮᠠᠯ ᠤᠨ ᠲᠥᠯ ᠤᠨ ᠲᠤᠭ᠎ᠠ ᠪᠠᠭᠠᠰᠴᠠᠢ
ᠨᠡᠶᠢᠲᠡᠯᠡᠭᠰᠡᠨ ᠴᠠᠭ᠄
2018/6/6
    ᠮᠠᠨ ᠤ ᠠᠶᠢᠮᠠᠭ ᠤᠨ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠠᠵᠢᠯ ᠠᠮᠵᠢᠯᠳᠠ ᠲᠠᠢ ᠪᠠᠷ ᠳᠠᠭᠤᠰᠬᠤ ᠶᠢᠨ ᠳᠠᠭᠠᠤ ᠳᠤ ᠪᠦᠬᠦ ᠠᠶᠢᠮᠠᠭ ᠤᠨ ᠲᠥᠯ ᠲᠤᠰᠴᠤ ᠪᠤᠶᠢᠵᠢᠭᠤᠯᠬᠤ ᠠᠵᠢᠯ ᠴᠤ ᠳᠦᠭᠦᠷᠡᠩ ᠠᠮᠵᠢᠯᠳᠠ ᠲᠠᠢ ᠪᠤᠯᠪᠠ᠃ ᠤᠢᠢᠯᠠᠭᠠᠭᠰᠠᠨ ᠢᠶᠠᠷ 5 ᠰᠠᠷ᠎ᠠ ᠶᠢᠨ 31 ᠤ ᠡᠳᠦᠷ ᠪᠤᠯᠳᠠᠯ᠎ᠠ ᠪᠦᠬᠦ ᠠᠶᠢᠮᠠᠭ ᠢᠶᠠᠷ ᠢᠶᠠᠨ ᠨᠡᠶᠢᠳᠡ 611.48 ᠲᠦᠮᠡᠨ ᠲᠦᠯ ᠲᠤᠰᠴᠤ᠂ ᠡᠭᠦᠨ ᠳᠤ ᠪᠤᠳᠠ ᠮᠠᠯ ᠤᠨ ᠲᠥᠯ 63.5 ᠲᠦᠮᠡ ︵ᠡᠬᠦᠨ ᠳᠤ ᠦᠬᠡᠷ 59.3 ᠲᠦᠮᠡ︶᠂ ᠪᠤᠭ ᠮᠠᠯ ᠤᠨ ᠲᠥᠯ 547.98 ᠲᠦᠮᠡ ᠪᠠᠶᠢᠵᠦ᠂ ᠪᠤᠶᠢᠵᠢᠯᠳᠠ ᠶᠢᠨ ᠨᠤᠷᠮ᠎ᠠ ᠨᠢ 99.5% ᠳᠤ ᠬᠦᠷᠴᠠᠢ᠃         ᠪᠦᠬᠦ ᠠᠶᠢᠮᠠᠭ ᠤᠨ ᠪᠤᠳᠠ ᠮᠠᠯ ᠤᠨ ᠲᠥᠯ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 7.65 ᠲᠦᠮᠡ ᠨᠡᠮᠡᠭᠳᠡᠵᠦ ︵ᠡᠭᠦᠨ ᠳᠤ ᠦᠬᠡᠷ ᠨᠢᠳᠦᠨᠤᠨ ᠤ ᠠᠳᠠᠯᠢ ᠬᠤᠭᠤᠴᠠᠭᠠᠨ ᠤ ᠬᠢ ᠠᠴᠠ 7.5 ᠲᠦᠮᠡ ᠨᠡᠮᠡᠭᠳᠡᠵᠠᠢ︶᠂ ᠪᠤᠭ ᠮᠠᠯ ᠤᠨ ᠲᠥᠯ 82.97 ᠲᠦᠮᠡ ᠪᠠᠭᠠᠰᠴᠠᠢ᠃ ᠮᠠᠨ ᠤ ᠠᠶᠢᠮᠠᠭ ᠮᠠᠯ ᠠᠵᠤ ᠠᠬᠤᠢ ᠶᠢᠨ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠠᠬᠢᠭᠤᠯᠵᠦ᠂ ︽ᠬᠤᠨᠢ ᠶᠢ ᠴᠥᠬᠡᠳᠭᠡᠵᠦ ᠦᠬᠡᠷ ᠢ ᠨᠡᠮᠡᠭᠳᠡᠭᠦᠯᠬᠦ︾ ᠪᠠᠶᠢᠯᠳᠤᠬᠤ ᠪᠤᠳᠤᠯᠭ᠎ᠠ ᠶᠢ ᠭᠡᠷᠡᠭᠵᠢᠭᠦᠯᠦᠭᠰᠡᠨ ᠢᠶᠠᠷ ᠪᠤᠳᠠ ᠮᠠᠯ ᠤᠨ ᠲᠥᠯ ᠤᠨ ᠲᠤᠭ᠎ᠠ ᠶᠡᠬᠡᠪᠡᠷ ᠨᠡᠮᠡᠭᠳᠡᠵᠦ᠂ ᠪᠤᠭ ᠮᠠᠯ ᠤᠨ ᠲᠥᠯ ᠤᠨ ᠲᠤᠭ᠎ᠠ ᠪᠠᠭᠠᠰᠤᠬᠰᠠᠨ ᠪᠠᠶᠢᠨ᠎ᠠ᠃         ᠠᠪᠠᠭ᠎ᠠ ᠬᠤᠰᠢᠭᠤ ᠨᠡᠶᠢᠳᠡ 88.0929 ᠲᠦᠮᠡᠨ ᠲᠥᠯ ᠳᠤᠰᠴᠤ᠂ ᠡᠭᠦᠨ ᠳᠤ ᠪᠤᠳᠠ ᠮᠠᠯ ᠤᠨ ᠲᠥᠯ 7. 0107 ᠲᠦᠮᠡ ᠪᠠᠶᠢᠵᠦ᠂ ᠪᠤᠭ ᠮᠠᠯ ᠤᠨ ᠲᠥᠯ 81.0822 ᠲᠦᠮᠡ ᠲᠤᠰᠴᠤ᠂ ᠪᠤᠶᠢᠵᠢᠯᠳᠠ ᠶᠢᠨ ᠨᠤᠷᠮ᠎ᠠ 99. 8% ᠳᠤ ᠬᠦᠷᠴᠠᠢ᠃ ᠲᠤᠰ ᠬᠤᠰᠢᠭᠤ ᠪᠦᠬᠦ ᠠᠶᠢᠮᠠᠭ ᠤᠨ ︽ᠬᠤᠨᠢ ᠶᠢ ᠴᠦᠭᠡᠳᠭᠡᠵᠦ ᠦᠬᠡᠷ ᠢ ᠨᠡᠮᠡᠭᠳᠡᠭᠦᠯᠭᠦ︾ ᠲᠥᠷᠥ ᠶᠢᠨ ᠪᠤᠳᠤᠯᠭ᠎ᠠ ᠶᠢ ᠦᠨᠳᠦᠰᠦᠯᠡᠨ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠨᠤᠲᠤᠭ ᠪᠡᠯᠴᠢᠭᠡᠷ ᠤᠨ ᠡᠬᠢ ᠪᠠᠶᠠᠯᠢᠭ᠂ ᠰᠢᠯᠢᠳᠡᠭ ᠡᠭᠦᠯᠳᠡᠷ ᠤᠨ ᠡᠬᠢ ᠪᠠᠶᠠᠯᠢᠭ ᠪᠠ ᠤᠷᠤᠨ ᠪᠠᠶᠢᠷᠢ ᠵᠡᠷᠭᠡ ᠤᠯᠠᠨ ᠲᠠᠯ᠎ᠠ ᠶᠢᠨ ᠳᠠᠪᠠᠭᠤᠯᠢᠭ ᠢᠶᠠᠨ ᠪᠠᠳᠠᠷᠠᠭᠤᠯᠵᠦ᠂ ᠤᠳᠤ ᠦᠶ᠎ᠡ ᠶᠢᠨ ᠮᠠᠯ ᠠᠵᠤ ᠠᠬᠤᠢ ᠶᠢ ᠲᠦᠷᠭᠡᠳᠭᠡᠨ ᠬᠥᠭᠵᠢᠭᠦᠯᠬᠦ ᠠᠰᠢᠭᠲᠠᠢ ᠳᠤᠬᠢᠶᠠᠯ ᠢ ᠠᠳᠬᠤᠵᠦ᠂ ᠮᠠᠯ ᠠᠵᠤ ᠠᠬᠤᠢ ᠶᠢᠨ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠳᠡ ᠶᠢ ᠶᠡᠭᠡ ᠬᠦᠴᠦᠨ ᠢᠶᠠᠷ ᠠᠬᠢᠭᠤᠯᠵᠦ᠂ ᠰᠦᠷᠥᠭ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠬᠡᠯᠪᠡᠷᠢ ᠶᠢᠨ ᠬᠤᠪᠢᠷᠠᠭᠤᠯᠤᠯᠳᠠ ᠶᠢ ᠲᠦᠷᠭᠡᠳᠭᠡᠵᠦ᠂ ︽ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠦᠢᠯᠡᠰ ᠢ ᠬᠥᠭᠵᠢᠭᠦᠯᠬᠦ ᠲᠥᠯᠥᠪᠵᠢᠭᠦᠯᠭᠡ ︵2016-2020︶︾ ᠪᠠ ︽ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠦᠢᠯᠡᠰ ᠢ ᠳᠡᠮᠵᠢᠨ ᠳᠡᠳᠭᠦᠭᠦ ᠲᠥᠷᠥ ᠶᠢᠨ ᠪᠤᠳᠤᠯᠭ᠎ᠠ︾ ᠶᠢ ᠲᠤᠭᠳᠠᠭᠠᠵᠦ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠳᠦᠯᠦᠪᠵᠢᠬᠦᠯᠬᠡ ᠶᠢᠨ ᠬᠤᠭᠤᠴᠠᠭᠠᠨ ᠳᠤ ᠭᠠᠳᠠᠨ᠎ᠠ ᠠᠴᠠ 2 ᠲᠦᠮᠡᠨ ᠰᠢᠯᠢᠳᠡᠭ ᠡᠭᠦᠯᠳᠡᠷ ᠤᠨ ᠦᠬᠡᠷ ᠤᠷᠤᠭᠤᠯᠵᠦ᠂ 2020 ᠤᠨ ᠬᠦᠷᠲᠡᠯ᠎ᠠ᠂ ᠰᠢᠮᠧᠨ᠋ᠲ᠋ᠠᠷ ᠡᠭᠦᠯᠳᠡᠷ ᠢᠶᠠᠷ ᠭᠤᠤᠯᠳᠠᠭᠤᠯᠵᠦ ᠠᠩᠭᠢᠰ ᠡᠭᠦᠯᠳᠡᠷ ᠢᠶᠠᠷ ᠨᠥᠬᠦᠪᠦᠷᠢ ᠪᠤᠯᠭᠠᠭᠰᠠᠨ ᠰᠢᠯᠢᠳᠡᠭ ᠡᠭᠦᠯᠳᠡᠷ ᠤᠨ ᠦᠨᠢᠶ᠎ᠡ ᠶᠢ 16 ᠲᠦᠮᠡ ᠬᠦᠷᠭᠡᠵᠦ᠂ ᠵᠢᠯ ᠪᠦ᠋ᠷᠢ 10 ᠲᠦᠮᠡ ᠠᠴᠠ ᠳᠡᠭᠡᠭᠰᠢ ᠦᠬᠡᠷ ᠵᠠᠷᠤᠴᠠᠭᠤᠯᠤᠨ᠂ ᠦᠬᠡᠷ ᠪᠦᠷᠢ ᠶᠢᠨ ᠶᠡᠷᠦᠩᠬᠡᠶᠢᠯᠡᠭᠰᠡᠨ ᠥᠷᠲᠡᠭ ᠢ 2.5 ᠲᠦᠮᠡᠨ ᠲᠦᠭᠦᠷᠢᠭ ᠬᠦᠷᠭᠡᠬᠦ ᠬᠥᠭᠵᠢᠯᠳᠡ ᠶᠢᠨ ᠬᠠᠷᠠᠯᠳᠠ ᠶᠢ ᠪᠡᠶᠡᠯᠡᠬᠦᠯᠬᠦ ᠪᠠᠷ ᠬᠦᠴᠦᠯᠡᠵᠦ ᠪᠤᠢ᠃         2017 ᠤᠨ ᠤ ᠰᠡᠭᠦᠯᠴᠢ ᠳᠤ᠂ ᠠᠪᠠᠭ᠎ᠠ ᠬᠤᠰᠢᠭᠤᠨ ᠤ ᠰᠢᠯᠢᠳᠡᠭ ᠡᠭᠦᠯᠳᠡᠷ ᠤᠨ ᠦᠬᠡᠷ ᠤᠨ ᠲᠤᠭ᠎ᠠ 11. 09 ᠲᠦᠮᠡ ᠬᠦᠷᠴᠤ᠂ ᠳᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠵᠦ᠂ ᠪᠤᠭ ᠮᠠᠯ ᠤᠨ ᠲᠤᠭ᠎ᠠ 90.6 ᠲᠦᠮᠡ ᠪᠠᠭᠠᠰᠴᠤ᠂ ᠳᠡᠭᠡᠷ᠎ᠠ ᠵᠢᠯ ᠤᠨ ᠠᠳᠠᠯᠢ ᠬᠤᠭᠤᠴᠠᠭᠠᠨ ᠤ ᠬᠢ ᠠᠴᠠ 18% ᠪᠠᠷ ᠬᠠᠰᠤᠬᠳᠠᠵᠦ᠂ ᠰᠢᠯᠢᠳᠡᠭ ᠡᠭᠦᠯᠳᠡᠷ ᠤᠨ ᠦᠬᠡᠷ ᠤᠨ ᠵᠠᠷᠤᠴᠠᠭᠤᠯᠤᠯᠳᠠ 8.12 ᠲᠦᠮᠡ ᠬᠦᠷᠴᠤ᠂ ᠲᠠᠯ᠎ᠠ ᠨᠤᠲᠤᠭ ᠤᠨ ᠠᠮᠢ ᠠᠬᠤᠢ ᠵᠢᠯ ᠠᠴᠠ ᠵᠢᠯ ᠰᠠᠶᠢᠵᠢᠷᠠᠵᠦ᠂ ᠮᠠᠯ ᠠᠵᠤ ᠠᠬᠤᠢ ᠶᠢᠨ ᠭᠥᠭᠵᠢᠯᠲᠡ᠂ ᠮᠠᠯᠴᠢᠤᠨ ᠤᠨ ᠤᠷᠤᠯᠭ᠎ᠠ ᠲᠤᠭᠳᠠᠭᠤᠨ ᠨᠡᠮᠡᠭᠳᠡᠬᠦ ᠬᠤᠤᠰ ᠠᠮᠵᠢᠯᠳᠠ ᠶᠢᠨ ᠬᠥᠭᠵᠢᠯᠳᠠ ᠶᠢᠨ ᠵᠠᠮ ᠢᠶᠠᠷ ᠵᠠᠮᠨᠠᠪᠠ᠃         ᠠᠪᠠᠭ᠎ᠠ ᠬᠤᠰᠢᠭᠤᠨ ᠤ ᠬᠤᠨᠭ᠍ᠭᠤᠷᠭᠤᠤᠯ ᠪᠠᠯᠭᠠᠰᠤᠨ ᠤ ᠲᠦᠭᠦᠷᠢᠭ ᠭᠠᠴᠠᠭᠠᠨ ᠤ ᠮᠠᠯᠴᠢᠨ ᠳᠠᠪᠬᠤᠷᠪᠠᠶᠠᠷ᠄ ︽ᠡᠨᠡ ᠵᠢᠯ ᠮᠠᠨ ᠤ ᠳᠠᠪᠢᠭᠠᠳ ᠰᠢᠮᠧᠨ᠋ᠲ᠋ᠠᠷ ᠲᠤᠭᠤᠯ ᠲᠤᠰᠴᠠᠢ᠂ ᠤᠤᠯ ᠨᠢ ᠮᠠᠨᠠᠶᠢᠬᠢᠨ ᠬᠤᠨᠢ ᠤᠯᠠᠨ ᠮᠠᠯᠵᠢᠳᠠᠭ ᠪᠠᠶᠢᠭᠰᠠᠨ᠂ 2007 ᠤᠨ ᠳᠤ ᠬᠤᠨᠢ ᠪᠠᠨ ᠴᠦᠭᠡᠳᠭᠡᠭᠡᠳ ᠰᠢᠮᠧᠨ᠋ᠲ᠋ᠠᠷ ᠦᠬᠡᠷ ᠡᠬᠢᠯᠡᠵᠦ ᠮᠠᠯᠵᠢᠵᠠᠢ᠃ ᠰᠢᠮᠧᠨ᠋ᠲ᠋ᠠᠷ ᠦᠬᠡᠷ ᠮᠠᠯᠵᠢᠬᠤ ᠨᠢ ᠬᠤᠨᠢ ᠶᠢ ᠪᠤᠳᠤᠪᠠᠯ ᠪᠡᠯᠴᠢᠭᠡᠷ ᠲᠤ ᠭᠠᠮᠳᠠᠢ᠂ ᠬᠦᠳᠡᠯᠮᠦᠷᠢ ᠬᠦᠴᠤᠨ ᠳᠤ ᠪᠠᠰᠠ ᠠᠷᠪᠢᠲᠠᠢ ᠮᠥᠷᠲᠡᠭᠡᠨ ᠤᠷᠤᠯᠭ᠎ᠠ ᠪᠠᠷ ᠴᠤ ᠵᠦᠭᠡᠷ᠂ ᠨᠢᠳᠦᠨᠤᠨ ᠮᠠᠨ ᠤ ᠵᠢᠷᠠᠭᠠᠳ ᠲᠤᠭᠤᠯ ᠢᠶᠠᠨ ᠳᠡᠭᠰᠢᠳᠭᠡᠭᠡᠳ 8000 ᠳᠦᠭᠦᠷᠢᠭ ᠢᠶᠠᠷ ᠬᠤᠳᠠᠯᠳᠤᠵᠠᠢ︾ ᠭᠡᠵᠦ ᠪᠠᠶᠠᠷᠲᠠᠶᠢᠬᠠᠨ ᠶᠡᠷᠢᠨ᠎ᠠ᠃ ᠡᠳᠡᠨᠡᠶᠢᠬᠢᠨ ᠭᠡᠷ ᠲᠡᠭᠡᠨ ᠬᠦᠮᠦᠨ ᠠᠮᠠ ᠲᠠᠪᠤᠭᠤᠯᠠ᠂ 9400 ᠮᠦ ᠨᠤᠲᠤᠭ ᠪᠡᠯᠴᠢᠭᠡᠷ ᠳᠡᠭᠡᠷ᠎ᠡ ᠪᠠᠨ ᠵᠠᠭᠤ ᠠᠷᠪᠠᠭᠠᠳ ᠰᠢᠮᠧᠨ᠋ᠲ᠋ᠠᠷ ᠦᠬᠡᠷ ᠮᠠᠯᠵᠢᠵᠦ ᠪᠤᠢ᠂ ᠳᠠᠪᠬᠤᠷᠪᠠᠶᠠᠷ ᠤᠨ ᠬᠢᠨ 2 ᠰᠠᠷ᠎ᠠ ᠶᠢᠨ ᠰᠡᠭᠦᠯᠴᠢ ᠠᠴᠠ ᠡᠨᠡ ᠵᠢᠯ ᠤᠨ ᠲᠥᠯ ᠲᠤᠰᠬᠤ ᠠᠵᠢᠯ ᠢᠶᠠᠨ ᠡᠬᠢᠯᠡᠭᠦᠯᠵᠦ᠂ 3 ᠰᠠᠷ᠎ᠠ ᠶᠢᠨ ᠰᠡᠭᠦᠯᠴᠢ ᠪᠤᠯᠳᠠᠯ᠎ᠠ ᠲᠥᠯ ᠲᠤᠰᠬᠤ ᠠᠵᠢᠯ ᠨᠢᠭᠡᠨᠳᠡ ᠳᠠᠭᠤᠰᠴᠠᠢ᠃ ᠲᠤᠷᠰᠢᠯᠭ᠎ᠠ ᠰᠠᠶᠢᠳᠠᠢ ᠬᠠᠰᠢᠷ ᠮᠠᠯᠴᠢᠨ ᠪᠤᠯᠬᠤᠷ ᠳᠠᠪᠬᠤᠷᠪᠠᠶᠠᠷ ᠨᠢᠳᠦᠨᠤᠨ ᠡᠪᠦᠯ 95 ᠳᠤᠨ ᠡᠪᠡᠰᠦ᠂ 20 ᠳᠤᠨ ᠪᠤᠷᠳᠤᠭ᠎ᠠ ᠪᠡᠯᠡᠳᠭᠡᠭᠡᠳ ᠡᠨᠡ ᠵᠢᠯ ᠤᠨ ᠬᠠᠰᠢᠶᠠᠯᠠᠭ᠎ᠠ ᠶᠢᠨ ᠬᠤᠭᠤᠴᠠᠭᠠᠨ ᠳᠤ ᠡᠪᠡᠰᠦ ᠪᠤᠷᠳᠤᠭ᠎ᠠ ᠬᠦᠷᠦᠯᠴᠡᠬᠦ᠋ᠢᠴᠠ ᠪᠠᠶᠢᠵᠦ᠂ ᠳᠦᠯ ᠤᠨ ᠤᠨᠳᠤᠷᠤᠯᠳᠠ ᠶᠢᠨ ᠨᠤᠷᠮ᠎ᠠ ᠨᠢ 99.9% ᠬᠦᠷᠴᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号