ᠾᠦᠸᠧ ᠵᠤᠤ ᠯᠢᠶᠠᠩ ᠪᠦᠯᠬᠦᠮ ᠲᠠᠭᠠᠭᠤᠯᠤᠨ ᠪᠡᠭᠡᠵᠢᠩ ᠬᠤᠳᠠ ᠶᠢᠨ ᠴᠠᠩ ᠫᠢᠩ ᠲᠤᠭᠤᠷᠢᠭ ᠲᠤ ᠬᠦᠷᠴᠤ ᠶᠠᠳᠠᠭᠤ ᠶᠢ ᠲᠡᠳᠬᠦᠬᠦ ᠬᠠᠮᠵᠢᠯᠴᠠᠭᠠᠨ ᠤ ᠠᠵᠢᠯ ᠤᠨ ᠲᠤᠬᠠᠢ ᠶᠠᠷᠢᠯᠴᠠᠪᠠ
ᠨᠡᠶᠢᠲᠡᠯᠡᠭᠰᠡᠨ ᠴᠠᠭ᠄
2018/7/13
    6 ᠰᠠᠷ᠎ᠠ ᠶᠢᠨ 23᠎ ᠠᠴᠠ 24᠎ ᠤ ᠡᠳᠦᠷ ᠪᠤᠯᠳᠠᠯ᠎ᠠ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠲᠠᠷᠤᠭ᠎ᠠ ᠾᠦᠸᠧ ᠵᠤᠤ ᠯᠢᠶᠠᠩ ᠮᠠᠨ ᠤ ᠠᠶᠢᠮᠠᠭ ᠤᠨ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠲᠤᠭᠤᠢᠢᠯᠠᠩ ᠢ ᠲᠠᠭᠠᠭᠤᠯᠤᠨ ᠪᠡᠭᠡᠵᠢᠩ ᠬᠤᠳᠠ ᠶᠢᠨ ᠴᠠᠩ ᠫᠢᠩ ᠲᠤᠭᠤᠷᠢᠭ ᠲᠤ ᠬᠦᠷᠴᠤ᠂ ᠲᠦᠬᠦᠭᠡᠷᠦᠮᠵᠢᠳᠦ ᠲᠠᠷᠢᠶᠠᠯᠠᠩ ᠤᠨ ᠦᠢᠯᠡᠰ ᠤᠨ ᠬᠦᠭᠵᠢᠯᠲᠡ᠂ ᠠᠵᠢᠯ ᠮᠡᠷᠭᠡᠵᠢᠯ ᠤᠨ ᠰᠤᠷᠭᠠᠨ ᠬᠦᠮᠦᠵᠢᠯ ᠪᠠ ᠬᠤᠳᠠ ᠶᠢᠨ ᠲᠦᠯᠦᠪᠵᠢᠬᠦᠯᠭᠡ ᠪᠦᠲᠦᠭᠡᠨ ᠪᠠᠶᠢᠭᠤᠯᠤᠯᠲᠠ ᠶᠢ ᠪᠤᠳᠠᠳᠠᠢ ᠲᠤᠭᠤᠷᠢᠨ ᠦᠵᠡᠵᠤ᠂ ᠶᠠᠳᠠᠭᠤ ᠶᠢ ᠲᠡᠳᠬᠦᠬᠦ ᠬᠠᠮᠵᠢᠯᠴᠠᠭᠠᠨ ᠤ ᠠᠵᠢᠯ ᠢᠶᠠᠨ ᠵᠤᠯᠭᠠᠯᠴᠠᠭᠤᠯᠵᠤ᠂ ᠲᠡᠷᠢᠬᠦᠨ ᠤ ᠬᠦᠭᠵᠢᠯᠲᠡ ᠶᠢᠨ ᠠᠷᠭ᠎ᠠ ᠲᠤᠷᠰᠢᠯᠭ᠎ᠠ ᠶᠢ ᠰᠤᠷᠤᠯᠴᠠᠵᠤ᠂ ᠴᠠᠩ ᠫᠢᠩ ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠤᠷᠳᠤᠨ ᠲᠠᠢ ᠶᠠᠷᠢᠯᠴᠠᠬᠤ ᠬᠤᠷᠠᠯ ᠬᠢᠪᠡ᠃         ᠾᠦᠸᠧ ᠵᠤᠤ ᠯᠢᠶᠠᠩ ᠨᠠᠷ ᠴᠠᠩ ᠫᠢᠩ ᠲᠤᠭᠤᠷᠢᠭ ᠲᠤ ᠤᠷᠢᠳ ᠬᠤᠵᠢᠳ ᠳᠦᠬᠦᠭᠡᠷᠤᠮᠵᠢᠳᠤ ᠲᠠᠷᠢᠶᠠᠯᠠᠩ ᠤᠨ ᠦᠢᠯᠡᠰ ᠤᠨ ᠮᠡᠷᠭᠡᠵᠢᠯ ᠤᠨ ᠨᠡᠭᠡᠭᠡᠨ ᠬᠦᠭᠵᠢᠬᠦᠯᠦᠯᠲᠡ᠂ ᠠᠵᠢᠯ ᠮᠡᠷᠭᠡᠵᠢᠯ ᠤᠨ ᠵᠢᠭᠠᠨ ᠰᠤᠷᠭᠠᠯᠳᠠ ᠶᠢᠨ ᠪᠤᠳᠠᠳᠤ ᠪᠤᠯᠪᠠᠰᠤᠷᠠᠯ ᠵᠢᠴᠢ ᠪᠡᠭᠡᠵᠢᠩ ᠤᠨ ᠢᠷᠡᠭᠡᠲᠦᠢ ᠶᠢᠨ ᠬᠤᠳᠠ ᠶᠢᠨ ᠶᠡᠷᠦᠩᠭᠡᠢ ᠲᠦᠯᠦᠪᠵᠢᠬᠦᠯᠭᠡ ᠪᠠ ᠠᠵᠤ ᠦᠢᠯᠡᠰ ᠤᠨ ᠤᠷᠤᠨ ᠪᠠᠶᠢᠷᠢᠰᠢᠯ ᠢ ᠨᠠᠷᠢᠨ ᠦᠢᠯᠠᠭᠠᠵᠤ᠂ ᠠᠵᠤ ᠦᠢᠯᠡᠰ ᠤᠨ ᠬᠦᠭᠵᠢᠯᠲᠡ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠰᠢᠨᠵᠢᠯᠡᠬᠦ ᠤᠬᠠᠭᠠᠨ ᠰᠤᠷᠭᠠᠨ ᠬᠦᠮᠦᠵᠢᠯ᠂ ᠴᠢᠳᠠᠪᠤᠷᠢᠳᠠᠨ ᠤ ᠰᠤᠯᠢᠯᠴᠠᠭ᠎ᠠ ᠵᠡᠷᠭᠡ ᠲᠠᠯ᠎ᠠ ᠪᠠᠷ ᠬᠠᠮᠵᠢᠯᠴᠠᠬᠤ ᠲᠤᠬᠠᠢ ᠬᠦᠨᠵᠡᠭᠡᠢ ᠰᠠᠨᠠᠯ ᠢᠶᠠᠨ ᠰᠤᠯᠢᠯᠴᠠᠵᠠᠢ᠃ ᠾᠦᠸᠧ ᠵᠤᠤ ᠯᠢᠶᠠᠩ ᠢᠯᠡᠷᠭᠡᠶᠢᠯᠡᠬᠦ ᠳᠡᠭᠡᠨ᠂ ᠬᠤᠶᠠᠷ ᠲᠠᠯ᠎ᠠ ᠪᠠᠷ ᠢᠶᠠᠨ ᠬᠠᠷᠢᠯᠴᠠᠨ ᠨᠠᠪᠲᠡᠷᠡᠯᠴᠡᠬᠦ ᠪᠠᠨ ᠴᠢᠩᠭᠠᠳᠬᠠᠵᠤ᠂ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠭᠤᠷᠪᠠᠨ ᠵᠢᠯ ᠤᠨ ᠠᠵᠢᠯᠯᠠᠭ᠎ᠠ ᠶᠢᠨ ᠪᠤᠷᠤ ᠳᠦᠯᠦᠪ ᠤᠨ ᠵᠦᠪᠳᠡᠯᠴᠡᠭᠡᠷ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠢᠯᠢ ᠶᠢᠨ ᠭᠤᠤᠯ ᠠᠶᠢᠮᠠᠭ ᠤᠨ ᠲᠤᠭᠳᠠᠭᠰᠠᠨ ᠬᠤᠭᠤᠴᠠᠭᠠᠨ ᠳᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠡᠯᠲᠡ ᠶᠢ ᠤᠯᠬᠤ ᠳᠤ ᠲᠤᠰᠠᠯᠠᠬᠤ ᠶᠢ ᠭᠦᠰᠡᠵᠤ ᠪᠠᠶᠢᠨ᠎ᠠ᠃ ᠡᠬᠦᠨ ᠤ ᠬᠠᠮᠳᠤ ᠰᠢᠯᠢ ᠶᠢᠨ ᠭᠤᠤᠯ ᠠᠶᠢᠮᠠᠭ ᠠᠷᠠᠯᠵᠢᠶᠠᠴᠢᠨ ᠤᠷᠢᠵᠤ ᠪᠡᠯᠡ ᠳᠠᠳᠠᠬᠤ ᠡᠷᠴᠢᠮ ᠢᠶᠠᠨ ᠴᠢᠩᠭᠠᠷᠠᠭᠤᠯᠵᠤ᠂ ᠴᠠᠩ ᠫᠢᠩ ᠲᠤᠭᠤᠷᠢᠭ ᠤᠨ ᠡᠯ᠎ᠡ ᠲᠠᠯ᠎ᠠ ᠶᠢᠨ ᠲᠠᠪᠠᠭᠤᠯᠢᠭ ᠲᠤ ᠲᠦᠰᠢᠭᠯᠡᠨ᠂ ᠨᠡᠩ ᠦᠨᠳᠤᠷ ᠲᠡᠪᠬᠤᠷᠭ᠎ᠠ ᠪᠠ ᠦᠷᠭᠡᠨ ᠬᠦᠷᠢᠶ᠎ᠠ ᠭᠡᠪᠴᠢᠶᠠᠨ ᠳᠤ ᠬᠦᠨᠵᠡᠭᠡᠢ ᠬᠠᠮᠳᠤᠷᠠᠯᠴᠠᠭ᠎ᠠ ᠦᠷᠨᠢᠬᠦᠯᠵᠤ᠂ ᠰᠢᠯᠢ ᠶᠢᠨ ᠭᠤᠤᠯ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠬᠦᠭᠵᠢᠯᠲᠡ ᠶᠢ ᠠᠬᠢᠭᠤᠯᠤᠨ᠎ᠠ ᠭᠡᠪᠡ᠃         ᠴᠠᠩ ᠫᠢᠩ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠷᠤᠯᠠᠬᠴᠢ ᠲᠤᠭᠤᠷᠢᠭ ᠤᠨ ᠲᠠᠷᠤᠭ᠎ᠠ ᠸᠠᠩ ᠾᠧ ᠱᠧᠩ ᠭᠡᠯᠡᠬᠦ ᠳᠡᠭᠡᠨ᠂ ᠴᠠᠩ ᠫᠢᠩ ᠲᠤᠭᠤᠷᠢᠭ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠤ᠂ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠲᠤᠮᠳᠠ ᠵᠢᠱᠢᠶᠠᠴᠢ ᠲᠠᠭᠤᠷᠢᠶᠠᠯ ᠪᠤᠯᠵᠤ᠂ ᠲᠠᠪᠠᠭᠤᠯᠢᠭ ᠢᠶᠠᠨ ᠠᠰᠢᠭᠯᠠᠨ᠂ ᠬᠠᠪᠰᠤᠷᠤᠨ ᠲᠡᠳᠬᠦᠬᠦ ᠬᠠᠮᠢᠶ᠎ᠠ ᠪᠦᠬᠦᠢ ᠠᠵᠢᠯ ᠤᠨ ᠱᠠᠭᠠᠷᠳᠠᠯᠭ᠎ᠠ ᠶᠤᠰᠤᠭᠠᠷ ᠲᠠᠩᠰᠠᠯᠠᠭᠰᠠᠨ ᠶᠠᠳᠠᠭᠤ ᠬᠦᠴᠢᠷᠲᠡᠯᠲᠡᠢ ᠬᠦᠮᠦᠨ ᠠᠮᠠ ᠶᠢ ᠦᠨᠳᠤᠰᠤᠨ ᠠᠴᠠ ᠨᠢ ᠶᠠᠳᠠᠭᠤ ᠠᠴᠠ ᠠᠩᠬᠢᠵᠢᠷᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠳᠤ ᠪᠦᠬᠦ ᠬᠦᠴᠦᠨ ᠢᠶᠠᠷ ᠤᠷᠤᠯᠴᠠᠨ᠎ᠠ ᠭᠡᠪᠡ᠃         ᠪᠡᠭᠡᠵᠢᠩ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠤ ᠠᠶᠢᠮᠠᠭ ᠤᠨ ᠵᠠᠬᠢᠷᠭ᠎ᠠ ᠨᠢ ᠪᠡᠭᠡᠵᠢᠩ ᠤᠨ ᠱᠸᠤ ᠨᠦᠩ ᠢᠳᠡᠭᠡᠨ ᠤ ᠵᠦᠢᠯᠡᠰ ᠤᠨ ᠪᠦᠯᠦᠭᠯᠡᠯ ᠲᠠᠢ ᠰᠢᠯᠢᠳᠡᠭ ᠡᠬᠦᠯᠲᠡᠷ ᠤᠨ ᠮᠠᠯ ᠦᠷᠡᠵᠢᠬᠦᠯᠦᠨ ᠪᠤᠶᠢᠵᠢᠭᠤᠯᠬᠤ᠂ ᠮᠠᠯ ᠲᠠᠷᠢᠶᠠᠯᠠᠩ ᠤᠨ ᠠᠰᠢᠭ ᠰᠢᠮ᠎ᠠ ᠶᠢᠨ ᠪᠦᠲᠦᠭᠡᠭᠳᠡᠬᠦᠨ ᠢ ᠪᠤᠯᠪᠠᠰᠤᠷᠠᠭᠤᠯᠤᠨ ᠪᠤᠷᠤᠯᠠᠭᠤᠯᠬᠤ᠂ ᠬᠦᠢᠳᠡᠨ ᠬᠦᠮᠦᠷᠭᠡ ᠶᠢᠨ ᠪᠤᠳᠠᠰ ᠤᠨ ᠬᠦᠢᠯᠭᠡᠭᠡ ᠵᠡᠷᠭᠡ ᠬᠦᠷᠢᠶ᠎ᠠ ᠭᠡᠪᠴᠢᠶᠠᠨ ᠳᠤ ᠬᠠᠮᠳᠤᠷᠠᠯᠴᠠᠭᠠᠨ ᠤ ᠪᠤᠷᠦ ᠲᠦᠯᠦᠪ ᠤᠨ ᠵᠦᠪᠳᠡᠯᠴᠡᠭᠡᠷ ᠲᠤᠭᠳᠠᠪᠠ᠃ ᠪᠡᠭᠡᠵᠢᠩ ᠤᠨ ᠷᠦᠢ ᠰᠢᠩ ᠺᠤᠹᠧ ᠤᠨ ᠺᠤᠮᠫᠠᠨᠢ ᠰᠢᠯᠤᠭᠤᠨ ᠬᠦᠪᠡᠭᠡᠲᠦ ᠴᠠᠭᠠᠨ ᠬᠤᠰᠢᠭᠤᠨ ᠳᠤ 600 ᠲᠦᠮᠡᠨ ᠲᠦᠬᠦᠷᠢᠭ ᠬᠠᠨᠳᠢᠪᠯᠡᠵᠤ᠂ ᠮᠠᠯᠵᠢᠬᠤ ᠲᠠᠷᠢᠶᠠᠯᠠᠬᠤ ᠤᠷᠤᠨ ᠤ ᠬᠦᠮᠦᠨ ᠮᠠᠯ ᠤᠨ ᠠᠮᠤᠷ ᠲᠦᠪᠰᠢᠨ ᠤᠰᠤ ᠤᠮᠳᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠭᠡᠷᠡᠭᠯᠡᠵᠤ᠂ ᠵᠢᠯ ᠪᠦᠷᠢ 4 ᠭᠠᠴᠠᠭ᠎ᠠ ᠲᠤᠰᠬᠤᠨ ᠤ 405 ᠡᠷᠦᠭᠡ ᠶᠢᠨ ᠬᠦᠮᠦᠨ ᠮᠠᠯ ᠤᠨ ᠤᠰᠤ ᠤᠮᠳᠠ ᠶᠢᠨ ᠠᠰᠠᠭᠤᠳᠠᠯ ᠢ ᠰᠢᠢᠳᠪᠤᠷᠢᠯᠡᠬᠦ ᠪᠤᠯᠤᠨ᠎ᠠ᠃         ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠤᠤ ᠬᠦᠸᠧ ᠴᠢᠤᠸᠠᠨ᠂ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠠᠶᠢᠮᠠᠭ ᠤᠨ ᠳᠡᠳ᠋ ᠲᠠᠷᠤᠭ᠎ᠠ ᠶᠠᠩ ᠸᠧᠨ ᠱᠧᠩ᠂ ᠠᠶᠢᠮᠠᠭ ᠤᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ᠂ ᠲᠠᠶᠢᠹᠦᠰᠧ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠤᠷᠤᠬᠦᠤ ᠵᠢᠴᠢ ᠠᠶᠢᠮᠠᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ᠂ ᠲᠠᠶᠢᠹᠦᠰᠧ ᠬᠤᠰᠢᠭᠤ ᠪᠠ ᠰᠢᠯᠤᠭᠤᠨ ᠬᠦᠪᠡᠭᠡᠲᠦ ᠴᠠᠭᠠᠨ ᠬᠤᠰᠢᠭᠤᠨ ᠤ ᠭᠤᠤᠯ ᠬᠠᠷᠢᠭᠤᠴᠠᠯᠭᠠᠳᠠᠨ ᠲᠡᠭᠡᠷᠡᠬᠢ ᠠᠵᠢᠯᠯᠠᠭ᠎ᠠ ᠳᠤ ᠤᠷᠤᠯᠴᠠᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号