ᠠᠶᠢᠮᠠᠭ ᠤᠨ ᠵᠠᠬᠢᠷᠭ᠎ᠠ ︽︿ᠠᠷᠪᠠᠨ ᠭᠤᠷᠪᠠᠳᠤᠭᠠᠷ ᠲᠠᠪᠤᠨ ᠵᠢᠯ﹀᠎ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠯᠦᠪᠵᠢᠬᠦᠯᠭᠡ︾᠎ ᠶᠢ ᠲᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2018/7/13
    ᠦᠢᠷ᠎ᠠ ᠶᠢᠨ ᠡᠳᠦᠷ᠂ ᠠᠶᠢᠮᠠᠭ ᠤᠨ ᠵᠠᠬᠢᠷᠭ᠎ᠠ ︽ᠰᠢᠯᠢ ᠶᠢᠨ ᠭᠤᠤᠯ ᠠᠶᠢᠮᠠᠭ ᠤᠨ ︿ᠠᠷᠪᠠᠨ ᠭᠤᠷᠪᠠᠳᠤᠭᠠᠷ ᠲᠠᠪᠤᠨ ᠵᠢᠯ﹀᠎ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠯᠦᠪᠵᠢᠬᠦᠯᠭᠡ ᠶᠢ ᠲᠠᠷᠤᠮᠠᠯᠯᠠᠨ ᠲᠠᠷᠬᠠᠭᠠᠬᠤ ᠲᠤᠬᠠᠢ ᠮᠡᠳᠡᠭᠲᠡᠯ︾᠎ ᠢ ᠲᠡᠷᠬᠠᠭᠠᠵᠤ᠂ ᠤᠷᠴᠢᠨ ᠲᠤᠭᠤᠷᠢᠨ ᠤ ᠬᠠᠮᠢᠶᠠᠷᠤᠯᠳᠠ ᠶᠢᠨ ᠭᠡᠪ ᠵᠠᠭᠪᠤᠷ ᠲᠤ ᠰᠢᠨ᠎ᠠ ᠶᠢ ᠡᠬᠦᠳᠬᠦ᠂ ᠤᠷᠴᠢᠨ ᠲᠤᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ᠂ ᠶᠡᠷᠦᠩᠭᠡᠢ ᠭᠡᠮᠵᠢᠶ᠎ᠠ ᠶᠢ ᠡᠵᠡᠮᠳᠡᠬᠦ ᠶᠢ ᠴᠢᠩᠭ᠎ᠠ ᠭᠡᠷᠡᠭᠵᠢᠬᠦᠯᠬᠦ᠂ ᠠᠮᠢ ᠠᠬᠤᠢ ᠶᠢᠨ ᠬᠠᠮᠠᠭᠠᠯᠠᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠬᠦ᠂ ᠤᠷᠴᠢᠨ ᠲᠤᠭᠤᠷᠢᠨ ᠤ ᠠᠶᠤᠯ ᠲᠦᠭᠰᠢᠬᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ᠂ ᠤᠷᠴᠢᠨ ᠲᠤᠭᠤᠷᠢᠨ ᠤ ᠬᠢᠨᠡᠨ ᠡᠵᠡᠮᠳᠡᠬᠦ ᠴᠢᠳᠠᠪᠤᠷᠢ ᠪᠠᠨ ᠴᠢᠩᠭᠠᠳᠬᠠᠬᠤ ᠵᠡᠷᠭᠡ ᠵᠢᠷᠭᠤᠭᠠᠨ ᠲᠠᠯ᠎ᠠ ᠶᠢᠨ ᠭᠤᠤᠯᠳᠠᠯᠭ᠎ᠠ ᠲᠠᠢ ᠡᠬᠦᠷᠭᠡ ᠶᠢ ᠲᠤᠭᠳᠠᠭᠠᠪᠠ᠃         ︽ᠲᠦᠯᠦᠪᠵᠢᠬᠦᠯᠭᠡ︾᠎ ᠳᠤ᠂ ︽ᠠᠷᠪᠠᠨ ᠭᠤᠷᠪᠠᠳᠤᠭᠠᠷ ᠲᠠᠪᠤᠨ ᠵᠢᠯ︾᠎ ᠤᠨ ᠲᠦᠯᠦᠪᠵᠢᠬᠦᠯᠭᠡ ᠶᠢᠨ ᠬᠤᠭᠤᠴᠠᠭᠠᠨ ᠳᠤ᠂ ᠪᠦᠬᠦ ᠠᠶᠢᠮᠠᠭ 167 ᠭᠤᠤᠯᠳᠠᠯᠭ᠎ᠠ ᠲᠠᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠢᠨᠵᠧᠨᠧᠷᠢᠩ ᠢ ᠭᠡᠷᠡᠭᠵᠢᠬᠦᠯᠵᠤ᠂ ᠨᠡᠶᠢᠲᠡ 432498 ᠲᠦᠮᠡᠨ ᠲᠦᠬᠦᠷᠢᠭ ᠤᠨ ᠪᠡᠯᠡ ᠤᠷᠤᠭᠤᠯᠵᠤ᠂ ᠤᠷᠴᠢᠨ ᠲᠤᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ᠂ ᠭᠤᠤᠯ ᠪᠤᠬᠢᠷᠲᠦᠯ ᠪᠤᠳᠠᠰ ᠢ ᠭᠠᠳᠠᠭᠰᠢᠯᠠᠭᠤᠯᠬᠤ᠂ ᠠᠮᠢ ᠠᠬᠤᠢ ᠶᠢᠨ ᠬᠠᠮᠠᠭᠠᠯᠠᠯᠳᠠ᠂ ᠲᠠᠷᠢᠶᠠᠯᠠᠬᠤ ᠤᠷᠤᠨ ᠤ ᠤᠷᠴᠢᠨ ᠲᠤᠭᠤᠷᠢᠨ ᠢ ᠶᠡᠷᠦᠩᠭᠡᠶᠢᠯᠡᠨ ᠵᠠᠰᠠᠬᠤ᠂ ᠭᠤᠤᠯᠳᠠᠯᠭᠠᠳᠤ ᠬᠦᠷᠢᠶ᠎ᠠ ᠭᠡᠪᠴᠢᠶᠠᠨ ᠳᠠᠬᠢ ᠤᠷᠴᠢᠨ ᠲᠤᠭᠤᠷᠢᠨ ᠤ ᠠᠶᠤᠯ ᠲᠦᠭᠰᠢᠬᠦᠷᠢ ᠶᠢ ᠰᠡᠷᠭᠡᠶᠢᠯᠡᠬᠦ ᠵᠡᠷᠭᠡ ᠢᠨᠵᠧᠨᠧᠷᠢᠩ ᠢ ᠪᠠᠭᠳᠠᠭᠠᠵᠠᠢ︔ 47 ᠤᠷᠴᠢᠨ ᠲᠤᠭᠤᠷᠢᠨ ᠤ ᠬᠢᠨᠡᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠡᠷᠡᠭᠵᠢᠬᠦᠯᠵᠤ᠂ 31055 ᠲᠦᠮᠡᠨ ᠲᠦᠬᠦᠷᠢᠭ ᠪᠡᠯᠡ ᠤᠷᠤᠭᠤᠯᠬᠤ ᠪᠠᠷ ᠲᠦᠯᠦᠪᠯᠡᠵᠡᠢ᠃ 2020 ᠤᠨ ᠪᠤᠯᠬᠤ ᠳᠤ ᠭᠤᠤᠯ ᠪᠤᠬᠢᠷᠲᠦᠯ ᠪᠤᠳᠠᠰ ᠢ ᠭᠠᠳᠠᠭᠰᠢᠯᠠᠭᠤᠯᠬᠤ ᠶᠡᠷᠦᠩᠭᠡᠢ ᠭᠡᠮᠵᠢᠶ᠎ᠠ ᠪᠠ ᠤᠰᠤ᠂ ᠠᠭᠠᠷ ᠮᠠᠨᠳᠠᠯ᠂ ᠭᠠᠵᠠᠷ ᠰᠢᠷᠦᠢ᠂ ᠬᠦᠨᠳᠤ ᠲᠡᠮᠦᠷᠯᠢᠭ ᠵᠡᠷᠭᠡ ᠪᠤᠬᠢᠷᠲᠦᠯ ᠢ ᠰᠡᠷᠭᠡᠶᠢᠯᠡᠬᠦ ᠵᠢᠭᠠᠯᠳᠠ ᠡᠬᠦᠷᠭᠡ ᠶᠢ ᠪᠦᠬᠦ ᠲᠠᠯ᠎ᠠ ᠪᠠᠷ ᠪᠡᠶᠡᠯᠡᠬᠦᠯᠵᠤ᠂ ᠠᠮᠢ ᠠᠬᠤᠢ ᠤᠷᠴᠢᠨ ᠲᠤᠭᠤᠷᠢᠨ ᠤ ᠶᠠᠰᠤ ᠴᠢᠨᠠᠷ ᠲᠤᠭᠳᠠᠭᠤᠨ ᠢᠶᠠᠷ ᠰᠠᠶᠢᠵᠢᠷᠠᠬᠤ ᠶᠢ ᠪᠡᠶᠡᠯᠡᠬᠦᠯᠵᠤ᠂ ᠭᠤᠤᠯ ᠴᠢᠳᠡᠪᠬᠢᠲᠦ ᠤᠷᠤᠨ ᠤ ᠪᠠᠶᠢᠷᠢᠰᠢᠯ ᠪᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠳᠤᠰᠤᠨ ᠳᠡᠭᠡᠨ ᠪᠠᠶᠢᠭᠤᠯᠵᠤ᠂ ᠤᠷᠴᠢᠨ ᠲᠤᠭᠤᠷᠢᠨ ᠤ ᠠᠶᠤᠯ ᠲᠦᠭᠰᠢᠬᠦᠷᠢ ᠶᠢ ᠰᠡᠷᠭᠡᠶᠢᠯᠡᠬᠦ ᠴᠢᠳᠠᠪᠤᠷᠢ ᠢᠯᠡᠳᠲᠡ ᠲᠡᠭᠡᠭᠰᠢᠯᠡᠵᠤ᠂ ᠤᠷᠴᠢᠨ ᠲᠤᠭᠤᠷᠢᠨ ᠤ ᠠᠮᠤᠷ ᠲᠦᠪᠰᠢᠨ ᠦᠨᠳᠤᠰᠤᠨ ᠪᠠᠳᠤᠯᠠᠭ᠎ᠠ ᠲᠠᠢ ᠪᠤᠯᠵᠤ᠂ ᠤᠷᠴᠢᠨ ᠲᠤᠭᠤᠷᠢᠨ ᠤ ᠬᠢᠨᠠᠨ ᠡᠵᠡᠮᠳᠡᠬᠦ ᠲᠦᠪᠰᠢᠨ ᠢᠯᠡᠳᠳᠠ ᠲᠡᠭᠡᠭᠰᠢᠯᠡᠵᠤ᠂ ᠤᠯᠠᠨ ᠨᠡᠶᠢᠲᠡ ᠶᠢᠨ ᠤᠷᠴᠢᠨ ᠲᠤᠭᠤᠷᠢᠨ ᠳᠠᠬᠢ ᠬᠠᠨᠤᠮᠵᠢ ᠶᠢᠨ ᠪᠠᠶᠢᠳᠠᠯ ᠲᠠᠰᠤᠷᠠᠯᠳᠠ ᠦᠭᠡᠢ ᠲᠡᠭᠡᠭᠰᠢᠯᠡᠵᠤ᠂ ᠠᠷᠠᠳ ᠢᠶᠠᠨ ᠪᠠᠶᠠᠵᠢᠭᠤᠯᠤᠨ ᠠᠶᠢᠮᠠᠭ ᠢᠶᠠᠨ ᠬᠦᠴᠦᠷᠭᠡᠭᠵᠢᠬᠦᠯᠬᠦ ᠳᠤ ᠰᠠᠶᠢᠨ ᠰᠠᠶᠢᠬᠠᠨ ᠤᠷᠴᠢᠨ ᠲᠤᠭᠤᠷᠢᠨ ᠤ ᠪᠠᠳᠤᠯᠠᠭ᠎ᠠ ᠬᠠᠩᠭᠠᠨ᠎ᠠ ᠭᠡᠵᠤ ᠵᠢᠭᠠᠵᠤ ᠭᠠᠷᠭᠠᠪᠠ᠃         ︽ᠲᠦᠯᠦᠪᠵᠢᠬᠦᠯᠭᠡ︾᠎ ᠳᠤ᠂ ᠪᠦᠲᠦᠮᠵᠢᠲᠡᠢ ᠠᠷᠭ᠎ᠠ ᠪᠠᠷᠢᠯ ᠭᠡᠷᠡᠭᠵᠢᠬᠦᠯᠵᠤ᠂ ᠲᠦᠯᠦᠪᠵᠢᠬᠦᠯᠭᠡ ᠶᠢᠨ ᠭᠡᠷᠡᠭᠵᠢᠬᠦᠯᠦᠭᠲᠡᠬᠦ ᠶᠢ ᠪᠠᠳᠤᠯᠠᠨ᠎ᠠ᠃ ᠨᠢᠭᠡ ᠳᠤ ᠠᠮᠢ ᠠᠬᠤᠢ ᠤᠷᠴᠢᠨ ᠲᠤᠭᠤᠷᠢᠨ ᠤ ᠬᠤᠬᠢᠷᠠᠯ ᠳᠤ ᠬᠠᠷᠢᠭᠤᠴᠠᠬᠤ ᠲᠦᠷᠢᠮ ᠢ ᠪᠠᠶᠢᠭᠤᠯᠵᠤ᠂ ᠰᠠᠯᠠᠭ᠎ᠠ ᠮᠦᠴᠢᠷ ᠤᠨ ᠤᠷᠴᠢᠨ ᠲᠤᠭᠤᠷᠢᠨ ᠢ ᠬᠠᠮᠠᠭᠠᠯᠠᠬᠤ ᠲᠤᠰᠢᠶᠠᠯ ᠬᠠᠷᠢᠭᠤᠴᠠᠯᠭ᠎ᠠ ᠶᠢ ᠲᠤᠳᠤᠷᠬᠠᠢᠢᠯᠠᠵᠤ᠂ ᠡᠯ᠎ᠡ ᠱᠠᠳᠤᠨ ᠤ ᠵᠠᠰᠠᠭ ᠤᠨ ᠤᠷᠳᠤᠨ ᠤ ᠤᠷᠴᠢᠨ ᠲᠤᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢ ᠴᠢᠩᠭᠠᠳᠬᠠᠨ᠎ᠠ᠃ ᠬᠤᠶᠠᠷ ᠲᠤ ᠬᠠᠤᠯᠢ ᠭᠡᠷᠡᠭᠵᠢᠬᠦᠯᠦᠯᠲᠡ ᠶᠢᠨ ᠶᠠᠪᠤᠴᠠ ᠶᠢ ᠲᠡᠬᠦᠯᠲᠡᠷᠵᠢᠬᠦᠯᠵᠤ ᠂ ᠬᠠᠤᠯᠢ ᠭᠡᠷᠡᠭᠵᠢᠬᠦᠯᠬᠦ ᠠᠵᠢᠯᠯᠠᠭ᠎ᠠ ᠶᠢ ᠲᠦᠷᠢᠮᠵᠢᠬᠦᠯᠵᠤ᠂ ᠬᠠᠤᠯᠢ ᠭᠡᠷᠡᠭᠵᠢᠬᠦᠯᠬᠦ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠤᠷᠴᠢᠨ ᠲᠤᠭᠤᠷᠢᠨ ᠤ ᠨᠦᠯᠦᠭᠡ ᠶᠢᠨ ᠦᠨᠡᠯᠡᠯᠲᠡ ᠶᠢᠨ ᠲᠦᠷᠢᠮ ᠢ ᠴᠢᠩᠭ᠎ᠠ ᠭᠡᠷᠡᠭᠵᠢᠬᠦᠯᠵᠤ᠂ ᠤᠷᠴᠢᠨ ᠲᠤᠭᠤᠷᠢᠨ ᠤ ᠨᠦᠯᠦᠭᠡ ᠶᠢ ᠦᠨᠡᠯᠡᠬᠦ ᠲᠦᠯᠦᠪᠵᠢᠬᠦᠯᠭᠡ ᠪᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠤᠷᠴᠢᠨ ᠲᠤᠭᠤᠷᠢᠨ ᠤ ᠨᠦᠯᠦᠭᠡ ᠶᠢᠨ ᠦᠨᠡᠯᠡᠯᠳᠡ ᠶᠢ ᠬᠤᠯᠪᠤᠯᠳᠤᠭᠤᠯᠬᠤ ᠲᠤᠭᠳᠠᠴᠠ ᠶᠢ ᠪᠠᠶᠢᠭᠤᠯᠤᠨ ᠲᠡᠬᠦᠯᠲᠡᠷᠵᠢᠬᠦᠯᠵᠤ᠂ ᠬᠠᠤᠯᠢ ᠭᠡᠷᠡᠭᠵᠢᠬᠦᠯᠦᠯᠲᠡ ᠶᠢᠨ ᠲᠦᠪᠰᠢᠨ ᠢᠶᠠᠨ ᠲᠡᠭᠡᠭᠰᠢᠯᠡᠬᠦᠯᠤᠨ᠎ᠠ᠃ ᠭᠤᠷᠪᠠ ᠳᠤ ︽ᠰᠢᠨ᠎ᠠ ᠦᠷᠢ ᠭᠠᠷᠭᠠᠬᠤ ᠦᠭᠡᠢ᠂ ᠬᠠᠭᠤᠴᠢᠨ ᠦᠷᠢ ᠪᠠᠨ ᠪᠦᠭᠯᠡᠬᠦ︾ ᠵᠠᠷᠴᠢᠮ ᠢᠶᠠᠷ ᠵᠠᠬ᠎ᠠ ᠲᠡᠯᠭᠡᠬᠦᠷ ᠤᠨ ᠠᠵᠤ ᠠᠬᠤᠢ ᠶᠢᠨ ᠪᠠᠶᠢᠭᠤᠯᠤᠮᠵᠢ ᠳᠤ ᠲᠤᠬᠢᠷᠠᠬᠤ ᠤᠷᠴᠢᠨ ᠲᠤᠭᠤᠷᠢᠨ ᠤ ᠬᠠᠮᠠᠭᠠᠯᠠᠯᠳᠠ ᠳᠤ ᠪᠡᠯᠡ ᠤᠷᠤᠭᠤᠯᠬᠤ ᠲᠤᠭᠳᠠᠴᠠ ᠶᠢ ᠪᠠᠶᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠶᠢ ᠴᠢᠷᠮᠠᠶᠢᠨ ᠠᠬᠢᠭᠤᠯᠤᠨ᠎ᠠ᠃ ᠲᠦᠷᠪᠡ ᠳᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢ ᠢᠳᠡᠪᠬᠢᠲᠡᠢ ᠪᠤᠶᠢᠵᠢᠭᠤᠯᠤᠨ ᠲᠡᠮᠵᠢᠵᠤ᠂ ᠵᠢᠯᠤᠭᠤᠳᠬᠤ᠂ ᠬᠠᠮᠢᠶᠠᠷᠬᠤ ᠪᠠ ᠦᠢᠯᠡᠴᠢᠯᠡᠬᠦ ᠲᠤᠭᠳᠠᠴᠠ ᠶᠢ ᠪᠠᠶᠢᠭᠤᠯᠵᠤ᠂ ᠬᠠᠷᠢᠯᠴᠠᠨ ᠨᠡᠪᠲᠡᠷᠡᠯᠴᠡᠬᠦ᠂ ᠲᠤᠬᠢᠷᠠᠯᠴᠠᠬᠤ ᠪᠠ ᠬᠠᠮᠳᠤᠷᠠᠯᠴᠠᠬᠤ ᠲᠤᠭᠳᠠᠴᠠ ᠶᠢ ᠪᠠᠶᠢᠭᠤᠯᠵᠤ᠂ ᠰᠤᠷᠠᠭ ᠴᠢᠮᠡᠭᠡ ᠶᠢ ᠢᠯᠡ ᠨᠡᠶᠢᠲᠡᠯᠡᠬᠦ ᠶᠢ ᠴᠢᠩᠭᠠᠳᠬᠠᠵᠤ᠂ ᠤᠯᠠᠨ ᠨᠡᠶᠢᠲᠡ ᠶᠢᠨ ᠤᠷᠤᠯᠴᠠᠬᠤ ᠡᠷᠴᠢᠮ ᠢ ᠴᠢᠩᠭᠠᠷᠠᠭᠤᠯᠤᠨ᠎ᠠ ᠭᠡᠵᠤ ᠵᠢᠭᠠᠵᠤ ᠭᠠᠷᠭᠠᠪᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号