ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠦᠬᠦ ᠠᠶᠢᠮᠠᠭ ᠤᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠲᠡ ᠶᠢ ᠠᠬᠢᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠭᠤᠯᠪᠠ ᠯᠦᠸᠧ ᠬᠤ᠋ ᠽᠠᠢ ᠾᠦᠸᠧ ᠵᠤᠤ ᠯᠢᠶᠠᠩ ᠶᠠᠷᠢᠶ᠎ᠠ ᠲᠠᠯᠪᠢᠪᠠ ᠡᠦ ᠬᠦᠸᠧ ᠳ᠋ᠦᠩ ᠨᠡᠷ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2018/7/13
    ᠬᠤᠷᠠᠯ ᠤᠨ ᠠᠬᠤᠢ ᠲᠠᠯᠠᠪᠠᠢ᠃     6 ᠰᠠᠷ᠎ᠠ ᠶᠢᠨ 22 ᠠᠴᠠ 23 ᠤ ᠡᠳᠦᠷ ᠪᠤᠯᠳᠠᠯ᠎ᠠ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠲᠠᠶᠢᠹᠦᠰᠧ ᠬᠤᠰᠢᠭᠤ᠂ ᠲᠤᠯᠤᠨ ᠨᠤᠤᠷ ᠰᠢᠶᠠᠨ ᠳᠤ ᠪᠦᠬᠦ ᠠᠶᠢᠮᠠᠭ ᠤᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠲᠡ ᠶᠢ ᠠᠬᠢᠭᠤᠯᠬᠤ ᠲᠤᠬᠠᠢ ᠶᠢᠨ ᠲᠠᠯᠠᠪᠠᠢ ᠶᠢᠨ ᠬᠤᠷᠠᠯ ᠬᠤᠷᠠᠯᠳᠤᠭᠤᠯᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠪᠦᠬᠦ ᠠᠶᠢᠮᠠᠭ ᠲᠠᠶᠠᠭᠠᠷ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠮᠵᠢ ᠪᠤᠯᠭᠠᠵᠤ᠂ ᠨᠠᠮ ᠤᠨ ᠲᠦᠪ ᠬᠤᠷᠢ᠊ ᠡᠶ᠎ᠡ ᠪᠠ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠢᠢᠳᠪᠤᠷᠢᠲᠦ ᠪᠠᠶᠢᠷᠢᠯᠠᠭᠤᠯᠤᠯᠲᠠ ᠶᠢ ᠬᠦᠨᠵᠡᠭᠡᠢ ᠲᠤᠤᠱᠯᠠᠭᠤᠯᠵᠤ᠂ ᠦᠵᠡᠯ ᠰᠠᠨᠠᠭ᠎ᠠ ᠪᠠᠨ ᠴᠢᠯᠦᠭᠡᠯᠡᠵᠤ᠂ ᠬᠦᠴᠢᠷ ᠢ ᠢᠯᠠᠨ ᠲᠠᠪᠠᠵᠤ᠂ ᠰᠢᠨ᠎ᠠ ᠬᠠᠭᠤᠴᠢᠨ ᠬᠦᠳᠡᠯᠭᠡᠬᠦ ᠡᠨᠧᠷᠬᠢ ᠶᠢᠨ ᠰᠤᠯᠢᠭᠳᠠᠯ ᠤᠨ ᠠᠯᠬᠤᠴᠠ ᠶᠢ ᠲᠦᠷᠭᠡᠳᠭᠡᠵᠤ᠂ ᠪᠦᠬᠦ ᠠᠶᠢᠮᠠᠭ ᠤᠨ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠲᠡ ᠶᠢᠨ ᠰᠢᠨ᠎ᠠ ᠪᠠᠶᠢᠳᠠᠯ ᠢ ᠡᠬᠦᠳᠴᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠡᠯᠡᠬᠦᠯᠬᠦ ᠰᠢᠢᠳᠪᠤᠷᠢᠲᠦ ᠢᠯᠡᠯᠲᠡ ᠶᠢ ᠤᠯᠬᠤ᠂ ᠪᠠᠶᠠᠨ ᠴᠢᠨᠡᠭᠡᠯᠢᠭ ᠪᠤᠯᠪᠠᠰᠤᠨ ᠦᠵᠡᠰᠬᠦᠯᠡᠩᠳᠤ ᠰᠠᠶᠢᠬᠠᠨ ᠵᠤᠯ ᠵᠢᠷᠭᠠᠯᠳᠤ ᠰᠢᠯᠢ ᠶᠢᠨ ᠭᠤᠤᠯ ᠢ ᠪᠦᠲᠦᠭᠡᠨ ᠪᠠᠶᠢᠭᠤᠯᠬᠤ ᠶᠢᠨ ᠲᠦᠯᠦᠭᠡ ᠴᠤᠴᠠᠯᠳᠠ ᠦᠭᠡᠢ ᠲᠡᠮᠡᠴᠡᠬᠦ ᠭᠡᠷᠡᠭᠲᠡᠢ ᠭᠡᠪᠡ᠃         ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠠᠶᠢᠮᠠᠭ ᠤᠨ ᠲᠠᠷᠤᠭ᠎ᠠ ᠾᠦᠸᠧ ᠵᠤᠤ ᠯᠢᠶᠠᠩ ᠬᠤᠷᠠᠯ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠤ᠂ ᠠᠶᠢᠮᠠᠭ ᠤᠨ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠦᠪᠯᠡᠯ᠂ ᠠᠶᠢᠮᠠᠭ ᠤᠨ ᠵᠠᠬᠢᠷᠭ᠎ᠠ᠂ ᠤᠯᠤᠰ ᠲᠦᠷᠦ ᠶᠢᠨ ᠵᠦᠪᠯᠡᠯᠭᠡᠨ ᠤ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠤᠷᠤᠯᠴᠠᠵᠤ᠂ ᠡᠯ᠎ᠡ ᠬᠤᠰᠢᠭᠤ ᠰᠢᠶᠠᠨ ᠬᠤᠳᠠ ︵ᠤᠷᠤᠨ︶ ᠶᠢᠨ ᠨᠠᠮ ᠵᠠᠰᠠᠭ ᠤᠨ ᠤᠳᠤᠷᠢᠳᠤᠯᠭ᠎ᠠ ᠪᠠ ᠠᠶᠢᠮᠠᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠬᠠᠷᠢᠭᠤᠴᠠᠯᠭᠠᠳᠠᠳ ᠬᠤᠷᠠᠯ ᠳᠤ ᠤᠷᠤᠯᠴᠠᠪᠠ᠃         ᠬᠤᠷᠠᠯ ᠳᠤ ᠤᠷᠤᠯᠴᠠᠭᠰᠠᠳ ᠲᠠᠶᠢᠹᠦᠰᠧ ᠬᠤᠰᠢᠭᠤ᠂ ᠲᠤᠯᠤᠨ ᠨᠤᠤᠷ ᠰᠢᠶᠠᠨ ᠤ ᠦᠢᠷ᠎ᠠ ᠶᠢᠨ ᠵᠢᠯ ᠤᠨ ᠪᠦᠳᠦᠭᠡᠨ ᠪᠠᠶᠢᠭᠤᠯᠤᠬᠰᠠᠨ ᠠᠵᠤ ᠠᠬᠤᠢᠢᠯᠠᠯ ᠪᠠ ᠪᠠᠶᠢᠭᠤᠯᠵᠤ ᠪᠠᠶᠢᠭ᠎ᠠ ᠲᠦᠷᠦᠯ ᠵᠦᠢᠯ ᠵᠢᠴᠢ ᠬᠤᠳᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠬᠠᠮᠢᠶᠠᠷᠤᠯᠳᠠ ᠶᠢᠨ ᠭᠤᠤᠯᠳᠠᠯᠭ᠎ᠠ ᠲᠠᠢ ᠢᠨᠵᠧᠨᠧᠷᠢᠩ᠂ ᠭᠤᠤᠯᠳᠠᠯᠭᠠᠳᠤ ᠠᠮᠢ ᠠᠬᠤᠢ ᠶᠢᠨ ᠵᠠᠰᠠᠯᠳᠠ ᠶᠢᠨ ᠤᠷᠤᠨ ᠢᠶᠠᠷ ᠲᠤᠭᠤᠷᠢᠨ ᠦᠵᠡᠪᠠ᠃         ᠯᠦᠸᠧ ᠬᠤ᠋ ᠽᠠᠢ ᠵᠢᠭᠠᠬᠤ ᠳᠠᠭᠠᠨ᠂ ᠲᠠᠶᠢᠹᠦᠰᠧ ᠬᠤᠰᠢᠭᠤ᠂ ᠲᠤᠯᠤᠨ ᠨᠤᠤᠷ ᠰᠢᠶᠠᠨ ᠦᠢᠷ᠎ᠠ ᠶᠢᠨ ᠵᠢᠯ ᠳᠤ ᠲᠠᠪᠠᠭᠤᠯᠢᠭ ᠲᠠᠭᠠᠨ ᠲᠦᠰᠢᠭᠯᠡᠨ᠂ ᠲᠡᠯᠳᠠ ᠬᠦᠴᠦᠨ ᠢᠶᠠᠨ ᠬᠦᠢᠴᠡᠳ ᠠᠭᠤᠳᠠᠯᠯᠠᠵᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠲᠡ ᠶᠢ ᠠᠬᠢᠭᠤᠯᠬᠤ ᠳᠤ ᠰᠢᠨ᠎ᠠ ᠲᠠᠪᠰᠢᠯᠳᠠ᠂ ᠰᠢᠨ᠎ᠠ ᠦᠷ᠎ᠠ ᠪᠦᠲᠦᠮᠵᠢ ᠤᠯᠤᠭᠰᠠᠨ ᠨᠢ ᠲᠤᠬᠠᠢ ᠶᠢᠨ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠡᠬᠦᠷᠭᠡ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠱᠠᠳᠤᠨ ᠤ ᠺᠠᠳ᠋ᠷ ᠰᠢᠷᠭᠠᠭᠤ ᠬᠠᠳᠠᠭᠤᠵᠢᠯᠳᠠᠢ ᠠᠵᠢᠯᠯᠠᠬᠰᠠᠨ ᠠᠵᠢᠯ ᠤᠨ ᠰᠤᠷᠳᠠᠯ ᠢ ᠢᠯᠡᠷᠡᠬᠦᠯᠵᠤ ᠪᠠᠶᠢᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠦᠴᠢᠷ ᠡᠨᠡ ᠬᠤᠶᠠᠷ ᠭᠠᠵᠠᠷ ᠤᠨ ᠠᠷᠭ᠎ᠠ ᠲᠤᠷᠰᠢᠯᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠦᠵᠡᠯ ᠰᠠᠨᠠᠭ᠎ᠠ ᠪᠠᠨ ᠴᠢᠯᠦᠭᠡᠯᠡᠵᠤ᠂ ᠵᠤᠷᠢᠭᠳᠠᠢ ᠡᠬᠦᠷᠭᠡᠯᠡᠨ᠂ ᠬᠦᠴᠦᠨ ᠢᠶᠠᠨ ᠲᠦᠪᠯᠡᠷᠡᠬᠦᠯᠦᠨ᠂ ᠴᠢᠨᠠᠷ ᠰᠠᠶᠢᠳᠠᠢ ᠬᠦᠭᠵᠢᠯᠲᠡ ᠶᠢ ᠠᠬᠢᠭᠤᠯᠵᠦ᠂ ᠪᠦᠬᠦ ᠤᠯᠤᠰ ᠪᠦᠬᠦ ᠤᠷᠤᠨ ᠲᠠᠢ ᠢᠵᠢᠯ ᠠᠯᠬᠤᠮ ᠢᠶᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠭᠡᠷᠡᠭᠲᠡᠢ ᠭᠡᠪᠡ᠃         ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠤᠳᠤᠬᠠᠨ ᠪᠠ ᠬᠤᠶᠢᠰᠢᠳᠠ ᠶᠢᠨ ᠨᠢᠭᠡᠨ ᠬᠤᠭᠤᠴᠠᠭᠠᠨ ᠳᠤ ᠬᠦᠭᠵᠢᠯᠲᠡ ᠶᠢᠨ ᠰᠡᠳᠬᠢᠴᠡ ᠪᠠ ᠠᠵᠢᠯ ᠤᠨ ᠭᠤᠤᠯᠳᠠᠯᠭ᠎ᠠ ᠪᠠᠨ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠳᠤ ᠲᠦᠪᠯᠡᠷᠡᠬᠦᠯᠵᠤ᠂ ᠴᠢᠨᠠᠷ ᠰᠠᠶᠢᠳᠠᠢ ᠬᠦᠭᠵᠢᠯᠲᠡ ᠳᠤ ᠬᠦᠴᠦᠨ ᠢᠶᠠᠨ ᠲᠦᠪᠯᠡᠷᠡᠬᠦᠯᠵᠤ᠂ ᠬᠦᠭᠵᠢᠯᠲᠡ ᠶᠢᠨ ᠲᠡᠩᠴᠡᠬᠦᠷᠢ ᠦᠭᠡᠢ ᠬᠦᠢᠴᠡᠳ ᠦᠭᠡᠢ ᠠᠰᠠᠭᠤᠳᠠᠯ ᠢ ᠬᠦᠴᠦᠯᠡᠨ ᠰᠢᠢᠳᠪᠤᠷᠢᠯᠡᠵᠤ᠂ ᠤᠯᠠᠮᠵᠢᠯᠠᠯᠳᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠭᠡᠭᠰᠢᠯᠡᠬᠦᠯᠵᠤ᠂ ᠰᠢᠨ᠎ᠠ ᠪᠠᠷ ᠮᠠᠨᠳᠤᠭᠰᠠᠨ ᠠᠵᠤ ᠦᠢᠯᠡᠰ ᠢ ᠪᠤᠵᠠᠭᠠᠢᠢᠷᠠᠭᠤᠯᠤᠨ ᠬᠦᠴᠦᠷᠭᠡᠭᠵᠢᠬᠦᠯᠵᠤ᠂ ᠠᠵᠤ ᠠᠬᠤᠢ ᠶᠢᠨ ᠬᠦᠭᠵᠢᠯᠲᠡ ᠶᠢᠨ ᠴᠢᠨᠡᠷᠵᠢᠯ ᠪᠠ ᠦᠷᠢᠰᠦᠯᠳᠦᠬᠦ ᠬᠦᠴᠦᠨ ᠢ ᠲᠡᠭᠡᠭᠰᠢᠯᠡᠬᠦᠯᠵᠤ᠂ ᠤᠯᠠᠨ ᠡᠰᠢᠵᠢᠨ ᠬᠦᠭᠵᠢᠭᠰᠡᠨ ᠤᠯᠠᠨ ᠲᠦᠢᠯ ᠢᠶᠠᠷ ᠲᠤᠯᠭᠠᠭᠤᠷᠢᠯᠠᠬᠰᠠᠨ ᠤᠳᠤ ᠦᠶ᠎ᠠ ᠶᠢᠨ ᠠᠵᠤ ᠦᠢᠯᠡᠰ ᠤᠨ ᠰᠢᠰᠲᠧᠮ ᠢ ᠪᠠᠶᠢᠭᠤᠯᠬᠤ ᠭᠡᠷᠡᠭᠲᠡᠢ᠃ ᠲᠦᠷᠦᠯ ᠵᠦᠢᠯ ᠢ ᠠᠳᠬᠤᠨ ᠪᠡᠯᠡ ᠤᠷᠤᠭᠤᠯᠤᠯᠲᠠ ᠶᠢ ᠦᠷᠭᠡᠳᠭᠡᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠲᠠᠳᠠᠬᠤ᠂ ᠤᠷᠴᠢᠨ ᠲᠤᠭᠤᠷᠢᠨ ᠤ ᠪᠦᠲᠦᠭᠡᠨ ᠪᠠᠶᠢᠭᠤᠯᠤᠯᠲᠠ ᠳᠤ ᠬᠦᠴᠦᠨ ᠢᠶᠠᠨ ᠳᠦᠪᠯᠡᠷᠡᠭᠦᠯᠵᠦ᠂ ᠴᠢᠨᠠᠷ ᠰᠠᠶᠢᠳᠠᠢ ᠬᠦᠭᠵᠢᠯᠲᠡ ᠶᠢ ᠠᠬᠢᠭᠤᠯᠬᠤ ᠳᠤ ᠬᠦᠴᠦᠷᠭᠡᠭ ᠬᠦᠳᠡᠯᠭᠡᠬᠦ ᠬᠦᠴᠦᠨ ᠬᠠᠩᠭᠠᠬᠤ ᠭᠡᠷᠡᠭᠲᠡᠢ᠃ ᠦᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠵᠤ᠂ ᠬᠤᠳᠠ ᠬᠦᠳᠡᠭᠡ ᠶᠢᠨ ᠲᠠᠩᠴᠡᠬᠦᠷᠢᠲᠡᠢ ᠬᠦᠭᠵᠢᠬᠦ ᠶᠢ ᠠᠬᠢᠭᠤᠯᠵᠤ᠂ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠦᠭᠵᠢᠯᠲᠡ ᠶᠢ ᠲᠤᠯᠭᠠᠭᠤᠷᠢᠯᠠᠬᠤ ᠪᠠᠳᠤᠯᠠᠭ᠎ᠠ ᠶᠢᠨ ᠴᠢᠳᠠᠪᠤᠷᠢ ᠶᠢ ᠲᠡᠭᠡᠭᠰᠢᠯᠡᠬᠦᠯᠬᠦ ᠭᠡᠷᠡᠭᠲᠡᠢ ᠭᠡᠪᠡ ᠃         ᠾᠦᠸᠧ ᠵᠤᠤ ᠯᠢᠶᠠᠩ ᠴᠢᠬᠤᠯᠠᠴᠢᠯᠠᠬᠤ ᠳᠠᠭᠠᠨ᠂ ᠡᠯ᠎ᠡ ᠱᠠᠳᠤᠨ ᠤ ᠤᠳᠤᠷᠢᠳᠬᠤ ᠺᠠᠳ᠋ᠷ ᠰᠤᠷᠤᠯᠴᠠᠬᠤ ᠴᠢᠳᠠᠪᠤᠷᠢ ᠪᠠᠨ ᠲᠡᠭᠡᠭᠰᠢᠯᠡᠬᠦᠯᠵᠤ᠂ ᠰᠡᠳᠭᠢᠴᠡ ᠪᠠᠨ ᠦᠷᠭᠡᠳᠭᠡᠵᠤ᠂ ᠰᠢᠨ᠎ᠠ ᠶᠢ ᠡᠬᠦᠳᠬᠦ ᠴᠢᠳᠠᠪᠤᠷᠢ ᠪᠠᠨ ᠲᠡᠭᠡᠭᠰᠢᠯᠡᠬᠦᠯᠬᠦ ᠭᠡᠷᠡᠭᠲᠡᠢ᠃ ᠭᠤᠷᠪᠠᠨ ᠶᠡᠭᠡ ᠪᠤᠭᠤᠮᠳᠠ ᠰᠢᠪᠳᠤᠯᠬᠤ ᠲᠠᠶᠢᠯᠠᠯᠳᠤᠭᠠᠨ ᠢ ᠰᠠᠶᠢᠳᠤᠷ ᠬᠢᠬᠦ ᠶᠢ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠲᠡ ᠶᠢ ᠠᠬᠢᠭᠤᠯᠬᠤ ᠭᠤᠤᠯᠳᠠᠯᠭ᠎ᠠ ᠪᠤᠯᠭᠠᠵᠤ᠂ ᠠᠵᠤ ᠦᠢᠯᠡᠰ ᠤᠨ ᠭᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦ ᠶᠢ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠲᠡ ᠶᠢ ᠠᠬᠢᠭᠤᠯᠬᠤ ᠭᠤᠤᠯ ᠰᠢᠪᠳᠤᠯᠤᠯᠲᠠ ᠶᠢᠨ ᠴᠡᠭ ᠪᠤᠯᠭᠠᠵᠤ᠂ ᠠᠵᠤ ᠠᠬᠤᠢ ᠶᠢᠨ ᠬᠦᠭᠵᠢᠯᠲᠡ ᠶᠢ ᠬᠠᠷᠰᠢᠯᠠᠵᠤ ᠪᠠᠶᠢᠭ᠎ᠠ ︽ᠲᠤᠳᠠᠭᠤᠳᠠᠯ︾ ᠢ ᠰᠢᠢᠳᠪᠤᠷᠢᠯᠡᠬᠦ ᠭᠡᠷᠡᠭᠲᠡᠢ᠃ ᠭᠤᠤᠯᠳᠠᠯᠭᠠᠳᠤ ᠲᠦᠷᠦᠯ ᠵᠦᠢᠯ ᠢ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠲᠡ ᠶᠢ ᠠᠬᠢᠭᠤᠯᠬᠤ ᠵᠠᠩᠬᠢᠯᠠᠭ᠎ᠠ ᠶᠢᠨ ᠲᠤᠯᠭᠠᠭᠤᠷᠢᠯᠠᠯ ᠪᠤᠯᠭᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠬᠦᠭᠵᠢᠯᠲᠡ ᠳᠤ ᠰᠢᠨ᠎ᠠ ᠬᠦᠳᠡᠯᠭᠡᠬᠦ ᠬᠦᠴᠦᠨ ᠪᠤᠶᠢᠵᠢᠭᠤᠯᠬᠤ ᠭᠡᠷᠡᠭᠲᠡᠢ᠃ ᠠᠷᠠᠯᠵᠢᠶ᠎ᠠ ᠡᠷᠬᠢᠯᠡᠬᠦ ᠤᠷᠴᠢᠨ ᠢ ᠰᠢᠯᠢᠳᠡᠭᠵᠢᠬᠦᠯᠬᠦ ᠶᠢ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠲᠡ ᠶᠢ ᠠᠬᠢᠭᠤᠯᠬᠤ ᠴᠢᠬᠤᠯᠠ ᠪᠠᠳᠤᠯᠠᠭ᠎ᠠ ᠪᠤᠯᠭᠠᠵᠤ᠂ ᠨᠡᠭᠡᠭᠡᠯᠲᠡ ᠲᠠᠢ ᠲᠦᠪ ᠭᠤᠤᠯᠴᠢ᠂ ᠲᠦᠷᠢᠮᠵᠢᠭᠰᠡᠨ ᠪᠦᠲᠦᠮᠵᠢᠲᠡᠢ ᠵᠠᠬ᠎ᠠ ᠲᠡᠯᠭᠡᠬᠦᠷ ᠤᠨ ᠤᠷᠴᠢᠨ ᠢ ᠪᠦᠷᠢᠯᠳᠦᠬᠦᠯᠬᠦ ᠭᠡᠷᠡᠭᠲᠡᠢ ᠭᠡᠪᠡ᠃         ᠬᠤᠷᠠᠯ ᠲᠡᠭᠡᠷ᠎ᠡ᠂ ᠡᠷᠢᠶᠠᠨ ᠬᠤᠳᠠ᠂ ᠲᠠᠶᠢᠹᠦᠰᠧ ᠬᠤᠰᠢᠭᠤ᠂ ᠲᠤᠯᠤᠨ ᠨᠤᠤᠷ ᠰᠢᠶᠠᠨ ᠲᠤᠷᠰᠢᠯᠭ᠎ᠠ ᠰᠤᠯᠢᠯᠴᠠᠬᠤ ᠬᠠᠷᠢᠭᠤ ᠮᠡᠳᠡᠬᠦᠯᠦᠯᠲᠡ ᠭᠢᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号