ᠨᠠᠮ ᠪᠠᠶᠢᠭᠤᠯᠤᠭᠳᠠᠭᠰᠠᠨ 97 ᠵᠢᠯ ᠤᠨ ᠤᠢ ᠶᠢ ᠲᠤᠷᠠᠰᠬᠠᠬᠤ ᠵᠢᠴᠢ ᠪᠦᠬᠦ ᠠᠶᠢᠮᠠᠭ ᠤᠨ ᠰᠢᠯᠢᠳᠡᠭ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ᠂ ᠰᠢᠯᠢᠳᠡᠭ ᠭᠠᠴᠠᠭ᠎ᠠ ᠳᠤ ᠰᠠᠭᠤᠭ᠎ᠠ ᠨᠢᠭᠡᠲᠦᠭᠡᠷ ᠱᠦᠵᠢ ᠪᠠ ᠰᠢᠯᠢᠳᠡᠭ ᠨᠠᠮ ᠤᠨ ᠭᠡᠰᠢᠬᠦᠨ ᠭᠤᠤᠯᠯᠠᠬᠤ ᠡᠷᠦᠭᠡ ᠶᠢ ᠰᠠᠶᠢᠰᠢᠶᠠᠨ ᠬᠦᠬᠢᠬᠦᠯᠬᠦ ᠶᠡᠭᠡ ᠬᠤᠷᠡᠯ ᠰᠢᠯᠢ ᠶᠢᠨ ᠬᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2018/7/20
    6 ᠰᠠᠷ᠎ᠠ ᠶᠢᠨ 28᠎ ᠤ ᠡᠳᠦᠷ᠂ ᠨᠠᠮ ᠪᠠᠶᠢᠭᠤᠯᠤᠭᠳᠠᠭᠰᠠᠨ 97 ᠵᠢᠯ ᠤᠨ ᠤᠢ ᠶᠢ ᠲᠤᠷᠠᠰᠬᠠᠬᠤ ᠵᠢᠴᠢ ᠪᠦᠬᠦ ᠠᠶᠢᠮᠠᠭ ᠤᠨ ᠰᠢᠯᠢᠳᠡᠭ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ᠂ ᠰᠢᠯᠢᠳᠡᠭ ᠭᠠᠴᠠᠭ᠎ᠠ ᠳᠤ ᠰᠠᠭᠤᠭ᠎ᠠ ᠨᠢᠭᠡᠲᠦᠭᠡᠷ ᠱᠦᠵᠢ ᠪᠠ ᠰᠢᠯᠢᠳᠡᠭ ᠨᠠᠮ ᠤᠨ ᠭᠡᠰᠢᠬᠦᠨ ᠭᠤᠤᠯᠯᠠᠬᠤ ᠡᠷᠦᠭᠡ ᠶᠢ ᠰᠠᠶᠢᠰᠢᠶᠠᠨ ᠬᠦᠬᠢᠬᠦᠯᠬᠦ ᠶᠡᠭᠡ ᠬᠤᠷᠡᠯ ᠰᠢᠯᠢ ᠶᠢᠨ ᠬᠤᠳᠠ ᠳᠤ ᠬᠤᠷᠠᠯᠳᠤᠪᠠ᠃ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠬᠤᠷᠠᠯ ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠵᠤ᠂ ᠪᠦᠬᠦ ᠠᠶᠢᠮᠠᠭ ᠤᠨ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠪᠠ ᠦᠷᠭᠡᠨ ᠤᠯᠠᠨ ᠨᠠᠮ ᠤᠨ ᠭᠡᠰᠢᠬᠦᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠮᠵᠢ ᠪᠤᠯᠭᠠᠵᠤ᠂ ︽ᠲᠦᠷᠪᠡᠨ ᠤᠬᠠᠮᠰᠠᠷ︾᠎ ᠢ ᠪᠠᠳᠤ ᠪᠤᠢ ᠪᠤᠯᠭᠠᠵᠤ᠂ ︽ᠲᠦᠷᠪᠡᠨ ᠢᠳᠡᠭᠡᠯ︾᠎ ᠢ ᠪᠠᠷᠢᠮᠳᠠᠯᠠᠵᠤ᠂ ᠬᠠᠷᠢᠭᠤᠴᠠᠯᠭᠠᠳᠤ ᠰᠡᠳᠬᠢᠯᠭᠡ᠂ ᠤᠷᠤᠭᠰᠢᠯᠠᠨ ᠲᠠᠪᠰᠢᠬᠤ ᠵᠤᠷᠢᠭ ᠰᠠᠨᠠᠭ᠎ᠠ᠂ ᠪᠤᠳᠠᠳᠠᠢ ᠠᠵᠢᠯᠯᠠᠬᠤ ᠰᠤᠷᠳᠠᠯ ᠢᠶᠠᠷ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠡᠯᠡᠬᠦᠯᠬᠦ ᠰᠢᠢᠳᠪᠤᠷᠢᠲᠦ ᠢᠯᠡᠯᠲᠡ ᠶᠢ ᠤᠯᠵᠦ᠂ ᠪᠠᠶᠠᠨ ᠴᠢᠨᠡᠭᠡᠯᠢᠭ ᠪᠤᠯᠪᠠᠰᠤᠨ ᠦᠵᠡᠰᠬᠦᠯᠡᠩᠳᠤ ᠰᠠᠶᠢᠬᠠᠨ ᠵᠤᠯ ᠵᠢᠷᠭᠠᠯᠳᠤ ᠰᠢᠯᠢ ᠶᠢᠨ ᠭᠤᠤᠯ ᠢ ᠪᠦᠲᠦᠭᠡᠨ ᠪᠠᠶᠢᠭᠤᠯᠬᠤ ᠳᠤ ᠬᠦᠴᠦᠨ ᠢᠶᠠᠨ ᠡᠷᠬᠦᠭᠦ ᠭᠡᠷᠡᠭᠲᠡᠢ ᠭᠡᠵᠤ ᠴᠢᠬᠤᠯᠠᠴᠢᠯᠠᠪᠠ᠃           ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠤᠤ ᠬᠦᠸᠧ ᠴᠢᠤᠸᠠᠨ ᠬᠤᠷᠠᠯ ᠢ ᠡᠷᠬᠢᠯᠡᠵᠡᠢ᠃ ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠸᠠᠩ ᠶᠦᠩ ᠮᠢᠩ ᠰᠠᠶᠢᠰᠢᠶᠠᠨ ᠬᠦᠬᠢᠬᠦᠯᠬᠦ ᠲᠤᠭᠳᠠᠭᠠᠯ ᠢ ᠤᠩᠰᠢᠪᠠ᠃ ᠬᠤᠷᠠᠯ ᠠᠴᠠ 30 ᠰᠢᠯᠢᠳᠡᠭ ᠭᠠᠴᠠᠭ᠎ᠠ ᠲᠤᠰᠬᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ᠂ 30 ᠰᠢᠯᠢᠳᠡᠭ ᠭᠠᠴᠠᠭ᠎ᠠ ᠳᠤ ᠰᠠᠭᠤᠭ᠎ᠠ ᠨᠢᠭᠡᠲᠦᠭᠡᠷ ᠱᠦᠵᠢ ᠵᠢᠴᠢ 30 ᠰᠢᠯᠢᠳᠡᠭ ᠨᠠᠮ ᠤᠨ ᠭᠡᠰᠢᠬᠦᠨ ᠭᠤᠤᠯᠯᠠᠬᠤ ᠡᠷᠦᠭᠡ ᠶᠢ ᠰᠠᠶᠢᠰᠢᠶᠠᠨ ᠬᠦᠬᠢᠬᠦᠯᠵᠤ᠂ ᠰᠠᠶᠢᠰᠢᠶᠠᠨ ᠬᠦᠬᠢᠭᠦᠯᠦᠭᠳᠡᠭᠰᠡᠨ 4 ᠲᠦᠯᠦᠭᠡᠯᠡᠭᠴᠢ ᠬᠠᠷᠢᠭᠤ ᠮᠡᠳᠡᠬᠦᠯᠦᠯᠲᠡ ᠬᠢᠪᠡ᠃         ᠯᠦᠸᠧ  ᠬᠤ᠋ ᠽᠠᠢ ᠨᠠᠮ ᠤᠨ ᠬᠤᠷᠢᠶ᠎ᠠ ᠶᠢ ᠲᠦᠯᠦᠭᠡᠯᠡᠨ ᠪᠦᠬᠦ ᠠᠶᠢᠮᠠᠭ ᠤᠨ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠪᠠ ᠦᠷᠭᠡᠨ ᠤᠯᠠᠨ ᠡᠪ ᠬᠠᠮᠳᠤ ᠨᠠᠮ ᠤᠨ ᠭᠡᠰᠢᠬᠦᠨ ᠳᠤ ᠪᠡᠶᠡᠷ ᠤᠨ ᠡᠳᠦᠷ ᠤᠨ ᠮᠡᠨᠳᠤᠴᠢᠯᠡᠯ ᠬᠦᠷᠭᠡᠵᠤ᠂ ᠰᠠᠶᠢᠰᠢᠶᠠᠨ ᠬᠦᠬᠢᠬᠦᠯᠦᠯ ᠬᠦᠷᠳᠡᠭᠰᠡᠳ ᠲᠤ ᠪᠠᠶᠠᠷ ᠬᠦᠷᠭᠡᠪᠡ᠃ ᠲᠡᠷᠡ ᠴᠢᠬᠤᠯᠠᠴᠢᠯᠠᠬᠤ ᠳᠠᠭᠠᠨ᠂ ᠪᠦᠬᠦ ᠠᠶᠢᠮᠠᠭ ᠤᠨ ᠡᠯ᠎ᠡ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠪᠠ ᠦᠷᠭᠡᠨ ᠤᠯᠠᠨ ᠨᠠᠮ ᠤᠨ ᠭᠡᠰᠢᠬᠦᠨ ᠡᠪ ᠬᠠᠮᠳᠤᠴᠤᠳ ᠤᠨ ᠬᠦᠰᠡᠯᠡᠩ ᠢᠳᠡᠭᠡᠯ ᠢᠶᠠᠨ ᠪᠠᠳᠤᠳᠬᠠᠵᠤ᠂ ᠤᠯᠤᠰ ᠲᠦᠷᠦ ᠶᠢᠨ ᠲᠤᠭᠳᠠᠯ ᠬᠦᠴᠦᠨ ᠢ ᠪᠠᠳᠤᠯᠠᠬᠤ ᠭᠡᠷᠡᠭᠲᠡᠢ᠃ ᠦᠷᠭᠡᠨ ᠤᠯᠠᠨ ᠨᠠᠮ ᠤᠨ ᠭᠡᠰᠢᠬᠦᠨ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠦᠢᠯᠠᠭᠠᠨ ᠡᠵᠡᠮᠳᠡᠵᠤ᠂ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠤ᠂ ᠨᠠᠮ ᠤᠨ ᠰᠢᠨ᠎ᠠ ᠶᠢ ᠡᠬᠦᠳᠦᠭᠰᠡᠨ ᠤᠨᠤᠯ ᠢᠶᠠᠷ ᠲᠠᠷᠢᠬᠢ ᠲᠤᠯᠤᠭᠠᠢ ᠪᠠᠨ ᠵᠡᠪᠰᠡᠭᠯᠡᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ ᠭᠡᠷᠡᠭᠲᠡᠢ ᠭᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号