ᠬᠦᠳᠡᠭᠡ ᠠᠵᠦ ᠠᠬᠤᠢ ᠬᠦᠳᠡᠭᠡ ᠲᠤᠰᠬᠤᠨ ᠤ ᠶᠠᠮᠤᠨ ᠤ ᠳᠡᠳ᠋ ᠳᠠᠷᠤᠭ᠎ᠠ ᠢᠤᠢ ᠺᠠᠩ ᠵᠧᠨ ᠮᠠᠨ ᠤ ᠠᠶᠢᠮᠠᠭ ᠲᠤ ᠢᠷᠡᠵᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2018/7/20
    7 ᠰᠠᠷ᠎ᠠ ᠶᠢᠨ 6᠎ ᠤ ᠡᠳᠦᠷ᠂ ᠬᠦᠳᠡᠭᠡ ᠠᠵᠦ ᠠᠬᠤᠢ ᠬᠦᠳᠡᠭᠡ ᠲᠤᠰᠬᠤᠨ ᠤ ᠶᠠᠮᠤᠨ ᠤ ᠳᠡᠳ᠋ ᠳᠠᠷᠤᠭ᠎ᠠ ᠢᠤᠢ ᠺᠠᠩ ᠵᠧᠨ ᠮᠠᠨ ᠤ ᠠᠶᠢᠮᠠᠭ ᠲᠤ ᠢᠷᠡᠵᠦ ᠤᠳᠤ ᠦᠶ᠎ᠡ ᠶᠢᠨ ᠮᠠᠯ ᠠᠵᠦ ᠠᠬᠤᠢ ᠶᠢᠨ ᠬᠦᠭᠵᠢᠯᠲᠠ ᠶᠢᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠡ᠃ ᠲᠡᠷᠡ ᠴᠢᠬᠤᠯᠠᠴᠢᠯᠠᠬᠤ ᠳᠠᠭᠠᠨ᠂ ᠪᠤᠬᠢᠷᠳᠤᠯ ᠦᠬᠡᠢ ᠠᠮᠢ ᠠᠬᠤᠢ ᠪᠠ ᠦᠷᠬᠦᠯᠵᠢᠯᠡᠭᠰᠡᠨ ᠬᠦᠭᠵᠢᠯᠲᠠ ᠶᠢᠨ ᠤᠢᠢᠯᠠᠭᠠᠭᠳᠠᠬᠤᠨ ᠢ ᠪᠠᠲᠤ ᠪᠤᠢ ᠪᠤᠯᠭᠠᠵᠦ᠂ ᠠᠵᠠ ᠲᠤᠬᠢᠶᠠᠯ ᠢ ᠡᠵᠡᠮᠳᠡᠨ᠂ ᠦᠷᠢᠰᠦᠯᠳᠦᠬᠡᠨ ᠢ ᠲᠤᠭᠤᠯᠤᠨ ᠤᠷᠤᠭᠰᠢᠯᠠᠵᠦ᠂ ᠬᠠᠩᠭᠠᠯᠭ᠎ᠠ ᠶᠢ ᠪᠠᠲᠤᠯᠠᠬᠤ᠂ ᠠᠮᠤᠷ ᠲᠦᠪᠰᠢᠨ ᠢ ᠪᠠᠲᠤᠯᠠᠬᠤ᠂ ᠠᠮᠢ ᠠᠬᠤᠢ ᠶᠢ ᠪᠠᠲᠤᠯᠠᠬᠤ ᠶᠢ ᠨᠢᠬᠡᠳᠦᠯᠲᠠᠢ ᠲᠦᠯᠦᠪᠵᠢᠬᠦᠯᠵᠦ᠂ ᠤᠯᠠᠮᠵᠢᠯᠠᠯᠲᠤ ᠮᠠᠯ ᠠᠵᠦ ᠠᠬᠤᠢ ᠶᠢᠨ ᠤᠳᠤ ᠦᠶ᠎ᠡ ᠶᠢᠨ ᠮᠠᠯ ᠠᠵᠦ ᠠᠬᠤᠢ ᠲᠡᠰᠢ ᠤᠯᠠᠷᠢᠨ ᠭᠦᠭᠵᠢᠬᠦ ᠶᠢ ᠲᠦᠷᠭᠡᠳᠭᠡᠬᠦ ᠬᠡᠷᠡᠭᠲᠡᠢ ᠭᠡᠪᠡ᠃         ᠥᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠯᠢ ᠪᠢᠩ ᠷᠦᠩ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ᠂ ᠠᠶᠢᠮᠠᠭ ᠤᠨ ᠨᠠᠮ ᠤᠨ ᠬᠤᠷᠢᠶᠠᠨ ᠤ ᠬᠡᠰᠢᠬᠦᠨ᠂ ᠨᠠᠷᠢᠨ ᠪᠢᠴᠢᠭ ᠤᠨ ᠳᠠᠷᠤᠭ᠎ᠠ ᠸᠠᠩ ᠷᠦᠢ᠂ ᠠᠶᠢᠮᠠᠭ ᠤᠨ ᠳᠡᠳ᠋ ᠳᠠᠷᠤᠭ᠎ᠠ ᠾᠸᠦ ᡁᠢ ᠮᠢᠨ ᠪᠠᠶᠢᠴᠠᠭᠠᠨ ᠰᠤᠳᠤᠯᠬᠤ ᠳᠤ ᠪᠠᠷ᠎ᠠ ᠪᠤᠯᠪᠠ᠃         ᠰᠢᠯᠢ ᠶᠢᠨ ᠭᠤᠤᠯ ᠤᠨ ᠳ᠋ᠠ ᠵᠤᠸᠠᠩ ᠶᠤᠸᠠᠨ ᠤᠯᠠᠭᠠᠨ ᠢᠳᠡᠭᠡᠨ ᠤ ᠦᠢᠯᠡᠰ ᠤᠨ ᠺᠤᠮᠫᠠᠨᠢ ᠳᠤ᠂ ᠢᠤᠢ ᠺᠠᠩ ᠵᠧᠨ ᠠᠵᠦ ᠠᠬᠤᠢᠢᠯᠠᠯ ᠤᠨ ᠬᠠᠷᠢᠭᠤᠴᠠᠯᠭᠠᠳᠠᠨ ᠤ ᠬᠠᠷᠢᠭᠤ ᠮᠡᠳᠡᠬᠦᠯᠦᠯᠲᠡ ᠶᠢ ᠰᠤᠨᠤᠰᠴᠤ᠂ ᠠᠵᠦ ᠠᠬᠤᠢᠢᠯᠠᠯ ᠤᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠬᠦᠯᠬᠦ ᠪᠠ ᠶᠠᠰᠤ ᠴᠢᠨᠠᠷ ᠢ ᠬᠢᠨᠠᠨ ᠬᠠᠮᠢᠶᠠᠷᠬᠤ ᠪᠠᠶᠢᠳᠠᠯ ᠤᠨ ᠲᠤᠬᠠᠢ ᠨᠠᠷᠢᠨ ᠤᠢᠢᠯᠠᠭᠠᠪᠠ᠃ ᠲᠡᠷᠡ ᠵᠢᠭᠠᠬᠤ ᠳᠠᠭᠠᠨ᠂ ᠪᠦᠬᠦ ᠠᠵᠦ ᠦᠢᠯᠡᠰ ᠤᠨ ᠬᠡᠯᠬᠢᠶᠡᠵᠢᠯ ᠢ ᠨᠡᠭᠡᠭᠡᠨ ᠬᠦᠭᠵᠢᠬᠦᠯᠬᠦ ᠪᠠᠨ ᠲᠦᠷᠭᠡᠳᠭᠡᠵᠦ᠂ ᠤᠳᠤ ᠦᠶ᠎ᠡ ᠶᠢᠨ ᠮᠠᠯ ᠠᠵᠦ ᠠᠬᠤᠢ ᠶᠢ ᠲᠡᠰ ᠲᠡᠪᠰᠢᠬᠦᠯᠦᠨ ᠬᠦᠭᠵᠢᠬᠦᠯᠬᠦ ᠶᠢ ᠠᠬᠢᠭᠤᠯᠵᠦ᠂ ᠡᠬᠢ ᠪᠠᠶᠠᠯᠢᠭ ᠲᠠᠭᠠᠨ ᠲᠦᠰᠢᠭᠯᠡᠨ ᠰᠢᠯᠢᠳᠡᠭ ᠡᠬᠦᠯᠳᠡᠷ ᠤᠨ ᠮᠠᠯ ᠤᠨ ᠠᠰᠢᠭ ᠰᠢᠮ᠎ᠠ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠬᠦᠯᠵᠦ᠂ ᠤᠷᠭᠠᠨᠢᠭ ᠮᠠᠯ ᠤᠨ ᠠᠰᠢᠭ ᠰᠢᠮ᠎ᠠ ᠶᠢᠨ ᠪᠦᠲᠦᠭᠡᠭᠳᠡᠭᠦᠨ ᠤ ᠨᠡᠷᠡᠲᠤ ᠲᠡᠮᠳᠡᠭ ᠢ ᠡᠬᠦᠳᠬᠦ ᠬᠡᠷᠡᠭᠲᠡᠢ᠃ ᠮᠠᠯ ᠤᠨ ᠠᠰᠢᠭ ᠰᠢᠮ᠎ᠠ ᠶᠢᠨ ᠪᠦᠲᠦᠭᠡᠭᠳᠡᠬᠦᠨ ᠢ ᠦᠢᠯᠡᠳᠪᠦᠷᠢᠯᠡᠵᠦ ᠡᠳ᠋ᠰᠢᠬᠦᠯᠬᠦ ᠠᠵᠦ ᠠᠬᠤᠢᠢᠯᠠᠯ ᠲᠤᠰ ᠪᠡᠶ᠎ᠡ ᠶᠢᠨ ᠲᠠᠪᠠᠭᠤᠯᠢᠭ ᠲᠠᠭᠠᠨ ᠰᠠᠭᠤᠷᠢᠯᠠᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠶᠢ ᠢᠳᠡᠪᠬᠢᠲᠠᠢ ᠠᠬᠢᠭᠤᠯᠵᠦ᠂ ᠠᠵᠦ ᠦᠢᠯᠡᠰ ᠤᠨ ᠬᠡᠯᠬᠢᠶᠡᠵᠢᠯ ᠢ ᠤᠷᠳᠤᠳᠬᠠᠵᠦ᠂ ᠲᠡᠷᠢᠬᠦᠨ ᠤ ᠨᠡᠷᠡᠲᠦ ᠲᠡᠮᠳᠡᠭ ᠢ ᠡᠬᠦᠳᠴᠦ᠂ ᠪᠦᠲᠦᠭᠡᠭᠳᠡᠬᠦᠨ ᠢᠶᠠᠨ ᠰᠢᠯᠢᠳᠡᠭᠵᠢᠬᠦᠯᠬᠦ ᠬᠡᠷᠡᠭᠲᠡᠢ᠃ ᠠᠵᠦ ᠠᠬᠤᠢᠢᠯᠠᠯ ᠤᠨ ᠦᠢᠯᠡᠳᠪᠦᠷᠢᠯᠡᠯ ᠪᠠ ᠬᠠᠮᠢᠶᠠᠷᠤᠯᠳᠠ ᠶᠢ ᠦᠷᠬᠦᠯᠵᠢᠯᠡᠨ ᠴᠢᠩᠭᠠᠳᠬᠠᠵᠦ᠂ ᠪᠦᠲᠦᠭᠡᠭᠳᠡᠬᠦᠨ ᠤ ᠶᠠᠰᠤ ᠴᠢᠨᠠᠷ ᠢ ᠳᠠᠰᠤᠷᠠᠯᠳᠠ ᠦᠬᠡᠢ ᠲᠡᠭᠡᠭᠰᠢᠯᠡᠬᠦᠯᠵᠦ᠂ ᠵᠠᠬ᠎ᠠ ᠲᠡᠯᠬᠡᠬᠦᠷ ᠪᠡ ᠭᠡᠷᠡᠭᠯᠡᠭᠴᠢᠳ ᠤᠨ ᠰᠠᠶᠢᠨ ᠦᠨᠡᠯᠡᠯᠲᠡ ᠶᠢ ᠤᠯᠬᠤ ᠭᠡᠷᠡᠭᠲᠡᠢ ᠭᠡᠪᠡ᠃         ᠢᠤᠢ ᠺᠠᠩ ᠵᠧᠨ ᠰᠢᠯᠢ ᠶᠢᠨ ᠬᠤᠲᠠ ᠶᠢᠨ ᠪᠠᠶᠠᠨᠰᠢᠯᠢ ᠮᠠᠯᠵᠢᠯ ᠤᠨ ᠲᠠᠯᠠᠪᠠᠢ ᠶᠢᠨ ᠮᠠᠯᠴᠢᠨ ᠭᠠᠩᠰᠦ᠋ᠬᠡ ᠶᠢᠨ ᠳᠤ ᠦᠢᠯᠡᠳᠪᠦᠷᠢᠯᠡᠯ ᠠᠮᠢᠳᠤᠷᠠᠯ ᠵᠢᠴᠢ ᠰᠠᠭᠤᠷᠢ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠤᠢᠢᠯᠠᠭᠠᠬᠤ ᠶᠢᠨ ᠲᠠᠭᠠᠤ ᠮᠠᠯᠵᠢᠯ ᠤᠨ ᠲᠠᠯᠠᠪᠠᠢ ᠶᠢᠨ ᠦᠨᠳᠦᠰᠦᠨ ᠱᠠᠲᠤᠨ ᠤ ᠠᠵᠢᠯᠳᠠᠳ ᠲᠠᠢ ᠶᠠᠷᠢᠯᠴᠠᠬᠤ ᠬᠤᠷᠠᠯ ᠬᠤᠷᠠᠯᠳᠤᠭᠤᠯᠵᠦ᠂ ᠮᠠᠯ ᠠᠵᠦ ᠠᠬᠤᠢ ᠶᠢᠨ ᠮᠠᠯ ᠤᠨ ᠭᠡᠮ ᠬᠢᠵᠢᠭ ᠢ ᠰᠡᠷᠭᠡᠶᠢᠯᠡᠬᠦ ᠠᠵᠢᠯ ᠤᠨ ᠪᠠᠶᠢᠳᠠᠯ ᠢ ᠤᠢᠢᠯᠠᠭᠠᠪᠠ᠃ ᠢᠤᠢ ᠺᠠᠩ ᠵᠧᠨ ᠴᠢᠬᠤᠯᠠᠴᠢᠯᠠᠬᠤ ᠳᠠᠭᠠᠨ᠂ ᠮᠠᠯ ᠠᠵᠦ ᠠᠬᠤᠢ ᠶᠢ ᠬᠦᠭᠵᠢᠬᠦᠯᠬᠦ ᠳᠤ ᠡᠷᠭᠡᠪᠰᠢ ᠰᠢᠨ᠎ᠠ ᠪᠠᠶᠢᠳᠠᠯ᠂ ᠰᠢᠨ᠎ᠡ ᠡᠬᠦᠷᠭᠡ᠂ ᠰᠢᠨ᠎ᠠ ᠱᠠᠭᠠᠷᠳᠠᠯᠭ᠎ᠠ ᠳᠤ ᠵᠤᠬᠢᠴᠠᠭᠤᠯᠵᠦ᠂ ᠮᠠᠯ ᠠᠵᠦ ᠠᠬᠤᠢ ᠶᠢᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠲᠠᠢ ᠦᠬᠡᠷᠡᠴᠢᠯᠡᠯᠲᠡ ᠶᠢ ᠬᠦᠨᠵᠡᠬᠡᠢ ᠠᠬᠢᠭᠤᠯᠵᠦ᠂ ᠮᠠᠯ ᠠᠵᠦ ᠠᠬᠤᠢ ᠪᠠ ᠤᠷᠴᠢᠨ ᠲᠤᠭᠤᠷᠢᠨ ᠤ ᠬᠠᠷᠢᠴᠠᠭ᠎ᠠ ᠶᠢ ᠵᠤᠬᠢᠰᠲᠠᠢ ᠰᠢᠢᠳᠪᠦᠷᠢᠯᠡᠵᠦ᠂ ᠤᠯᠠᠮᠵᠢᠯᠠᠯᠲᠤ ᠦᠢᠯᠡᠳᠪᠦᠷᠢᠯᠡᠯ ᠡᠵᠡᠩᠨᠡᠯᠲᠠ ᠶᠢᠨ ᠬᠡᠯᠪᠡᠷᠢ ᠪᠠᠨ ᠬᠤᠪᠢᠷᠠᠭᠤᠯᠬᠤ ᠬᠡᠷᠡᠭᠲᠡᠢ᠃ ᠮᠠᠯ ᠤᠨ ᠭᠡᠮ ᠬᠢᠵᠢᠭ ᠢ ᠰᠡᠷᠭᠡᠶᠢᠯᠡᠬᠦ ᠠᠵᠢᠯ ᠢ ᠴᠢᠩᠭᠠᠳᠬᠠᠵᠦ᠂ ᠢᠯᠠᠩᠭᠤᠶ᠎ᠠ ᠪᠷᠦ᠋ᠼᠧᠯ ᠡᠪᠡᠳᠴᠢᠨ ᠢ ᠰᠡᠷᠬᠡᠶᠢᠯᠡᠨ ᠵᠠᠰᠠᠬᠤ ᠶᠠᠪᠤᠴᠠ ᠳᠤ ᠬᠤᠪᠢ ᠬᠦᠮᠦᠨ ᠤ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠵᠦ᠂ ᠮᠠᠯᠵᠢᠯ ᠤᠨ ᠡᠷᠦᠬᠡ᠂ ᠦᠨᠳᠦᠰᠦᠨ ᠱᠠᠲᠤᠨ ᠤ ᠬᠢᠵᠢᠭ ᠢ ᠰᠡᠷᠭᠡᠶᠢᠯᠡᠬᠦ ᠦᠷᠳᠡᠭᠡᠨ ᠤ ᠠᠵᠢᠯᠲᠠᠨ ᠵᠡᠷᠭᠡ ᠬᠦᠮᠦᠰ ᠡᠪᠡᠳᠴᠢᠨ ᠠᠴᠠ ᠰᠡᠷᠭᠡᠶᠢᠯᠡᠬᠦ ᠤᠬᠠᠮᠰᠠᠷ ᠪᠡ ᠥᠪᠡᠷ ᠢ ᠪᠠᠨ ᠬᠠᠮᠠᠭᠠᠯᠠᠬᠤ ᠴᠢᠳᠠᠪᠤᠷᠢ ᠪᠠᠨ ᠲᠡᠭᠡᠭᠰᠢᠯᠡᠬᠦᠯᠵᠦ᠂ ᠬᠦᠮᠦᠨ ᠮᠠᠯ ᠤᠨ ᠬᠤᠭᠤᠷᠤᠨᠳᠦ ᠡᠪᠡᠳᠴᠢᠨ ᠬᠠᠯᠳᠠᠪᠤᠷᠢᠯᠠᠬᠤ ᠶᠢ ᠪᠦᠲᠦᠮᠵᠢᠲᠠᠢ ᠬᠤᠷᠢᠭᠯᠠᠬᠤ ᠭᠡᠷᠡᠭᠲᠡᠢ ᠭᠡᠪᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号