7 ᠰᠠᠷ᠎ᠠ ᠶᠢᠨ 7 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠡᠷᠢᠶᠠᠨ | ᠬᠤᠳᠠ ᠳᠤ ᠪᠠᠶᠢᠴᠠᠭᠠᠨ ᠰᠤᠳᠤᠯᠤᠯᠲᠠ ᠬᠢᠵᠤ᠂ ︽ᠨᠢᠭᠡ ᠪᠦᠰᠡ ᠨᠢᠭᠡ ᠵᠠᠮ︾ ᠪᠠ ᠲᠤᠮᠳᠠᠳᠤ ᠮᠤᠩᠭᠤᠯ | ᠤᠷᠤᠰ ᠤᠨ ᠠᠵᠤ ᠠᠬᠤᠢ ᠶᠢᠨ ᠬᠤᠩᠬᠢᠯ ᠤᠨ ᠪᠠᠶᠢᠭᠤᠯᠤᠯᠳᠠ ᠳᠤ ᠰᠠᠨᠠᠭᠠᠴᠢᠯᠠᠭᠠᠳᠠᠢ ᠪᠠᠷ ᠠᠭᠤᠰᠤᠯᠴᠠᠵᠤ᠂ ᠴᠢᠨᠠᠷ | ᠰᠠᠶᠢᠳᠠᠢ ᠬᠦᠭᠵᠢᠯᠲᠡ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠤᠭᠤᠮᠳᠠ ᠶᠢᠨ ᠰᠠᠭᠤᠷᠢ | ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠭᠤᠤᠯᠯᠠᠬᠤ ᠠᠵᠤ ᠦᠢᠯᠡᠰ ᠤᠨ | ᠭᠡᠯᠪᠡᠷᠢ ᠪᠠᠨ ᠬᠤᠪᠢᠷᠠᠭᠤᠯᠤᠨ ᠲᠠᠰ ᠲᠡᠪᠰᠢᠬᠦᠯᠬᠦ ᠶᠢ ᠲᠦᠷᠭᠡᠳᠭᠡᠵᠤ᠂ ᠤᠷᠤᠨ ᠪᠠᠶᠢᠷᠢ ᠶᠢᠨ ᠲᠠᠪᠠᠭᠤᠯᠢᠭ ᠢ | ᠨᠡᠭᠡᠭᠡᠯᠲᠡ ᠶᠢᠨ ᠲᠠᠪᠠᠭᠤᠯᠢᠭ᠂ ᠬᠦᠭᠵᠢᠯᠲᠡ ᠶᠢᠨ ᠲᠠᠪᠠᠭᠤᠯᠢᠭ ᠪᠤᠯᠭᠠᠨ ᠬᠤᠪᠢᠷᠠᠭᠤᠯᠵᠤ᠂ ᠳᠤᠮᠳᠠᠳᠦ ᠤᠯᠤᠰ ᠤᠨ | ᠤᠮᠠᠷᠠᠳᠤ ᠶᠢᠨ ᠬᠠᠮᠤᠭ ᠰᠠᠶᠢᠨ ᠪᠤᠭᠤᠮᠳᠠ ᠶᠢᠨ ᠬᠤᠳᠠ ᠶᠢ ᠴᠤᠭᠴᠠᠯᠠᠬᠤ ᠭᠡᠷᠡᠭᠲᠡᠢ ᠭᠡᠵᠤ ᠴᠢᠬᠤᠯᠠᠴᠢᠯᠠᠪᠠ᠃ | ᠡᠷᠢᠶᠠᠨ ᠬᠤᠳᠠ ᠶᠢᠨ ᠲᠤᠮᠳᠠᠳᠤ ᠮᠤᠩᠭᠤᠯ ᠤᠨ ᠬᠢᠯᠢ ᠰᠤᠨᠳᠠᠯᠠᠬᠰᠠᠨ ᠠᠵᠤ ᠠᠬᠤᠢ ᠶᠢᠨ ᠬᠠᠮᠳᠤᠷᠠᠯᠴᠠᠭᠠᠨ ᠤ | ᠲᠤᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠡᠯᠠᠪᠠᠢ ᠳᠤ᠂ ᠯᠦᠸᠧ ᠬᠤ᠋ ᠽᠠᠢ ᠰᠠᠭᠤᠷᠢ ᠪᠦᠲᠦᠭᠡᠨ | ᠪᠠᠶᠢᠭᠤᠯᠤᠯᠳᠠ᠂ ᠦᠢᠯᠡᠳᠪᠤᠷᠢ ᠶᠢᠨ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠳᠠ ᠶᠢᠨ ᠪᠠᠶᠢᠳᠠᠯ ᠢ ᠨᠠᠷᠢᠨ | ᠦᠢᠯᠠᠭᠠᠵᠤ᠂ ᠡᠷᠢᠶᠠᠨ ᠬᠤᠳᠠ ᠦᠨᠳᠤᠷ ᠲᠦᠪᠰᠢᠨ ᠢᠶᠠᠷ ᠲᠦᠯᠦᠪᠯᠡᠵᠤ᠂ ᠦᠨᠳᠤᠷ ᠪᠠᠷᠢᠮᠵᠢᠶ᠎ᠠ ᠪᠠᠷ ᠪᠦᠲᠦᠭᠡᠨ | ᠪᠠᠶᠢᠭᠤᠯᠬᠤ ᠶᠢ ᠪᠠᠷᠢᠮᠳᠠᠯᠠᠵᠤ᠂ ᠮᠤᠩᠭᠤᠯ ᠤᠯᠤᠰ ᠤᠨ ᠬᠠᠮᠢᠶ᠎ᠠ ᠪᠦᠬᠦᠢ ᠡᠳᠡᠭᠡᠳ ᠲᠠᠢ ᠨᠠᠪᠲᠠᠷᠠᠯᠴᠠᠨ | ᠲᠤᠬᠢᠷᠠᠯᠴᠠᠬᠤ ᠪᠠᠨ ᠴᠢᠩᠭᠠᠳᠬᠠᠵᠤ᠂ ᠪᠠᠷᠢᠯᠭ᠎ᠠ ᠶᠢᠨ ᠠᠬᠢᠴᠠ ᠶᠢ ᠲᠦᠷᠭᠡᠳᠭᠡᠵᠤ᠂ ᠬᠤᠶᠠᠷ ᠲᠠᠯ᠎ᠠ ᠶᠢᠨ ᠪᠠᠷᠢᠯᠭ᠎ᠠ | ᠪᠦᠬᠦ᠋ᠢᠯᠡ ᠴᠤᠭᠴᠠ ᠪᠠᠷ ᠢᠶᠠᠨ ᠨᠢᠭᠡᠳᠤᠨ ᠵᠤᠯᠭᠠᠯᠴᠠᠬᠤ ᠶᠢ ᠪᠠᠳᠤᠯᠠᠬᠤ ᠭᠡᠷᠡᠭᠲᠡᠢ᠃ ᠠᠵᠤ ᠦᠢᠯᠡᠰ ᠤᠨ | ᠪᠠᠶᠢᠷᠢᠰᠢᠯ ᠢᠶᠠᠨ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠲᠡᠭᠡᠲᠦ ᠲᠠᠰ ᠤᠨ ᠠᠵᠤ ᠠᠬᠤᠢᠢᠯᠠᠯ ᠢ ᠲᠡᠲᠡᠨ | ᠤᠷᠤᠭᠤᠯᠵᠤ᠂ ᠬᠢᠯᠢ ᠰᠤᠨᠳᠠᠯᠠᠬᠰᠠᠨ ᠵᠤᠭᠠᠴᠠᠯ᠂ ᠠᠷᠠᠯᠵᠢᠶ᠎ᠠ᠂ ᠡᠯᠧᠺᠲᠷᠥᠨ ᠬᠤᠳᠠᠯᠳᠤᠭ᠎ᠠ᠂ ᠮᠦᠩᠬᠦᠨ ᠬᠦᠢᠯᠭᠡᠭᠡ | ᠵᠡᠷᠭᠡ ᠦᠨᠳᠤᠷ ᠨᠡᠮᠡᠭᠲᠡᠯ ᠦᠷᠲᠡᠭ ᠲᠠᠢ ᠠᠵᠤ ᠦᠢᠯᠡᠰ ᠢ ᠲᠡᠳᠠᠵᠤ᠂ ᠠᠵᠤ ᠦᠢᠯᠡᠰ ᠤᠨ ᠪᠦᠲᠦᠴᠡ ᠶᠢᠨ | ᠲᠤᠬᠢᠷᠠᠭᠤᠯᠤᠯᠲᠠ ᠶᠢ ᠰᠢᠯᠢᠳᠡᠭᠵᠢᠬᠦᠯᠬᠦ᠂ ᠴᠢᠨᠡᠷᠵᠢᠯ ᠢ ᠲᠡᠭᠡᠭᠰᠢᠯᠬᠦᠯᠵᠤ ᠦᠷ᠎ᠠ ᠠᠰᠢᠭ ᠢ ᠨᠡᠮᠡᠭᠲᠡᠬᠦᠯᠬᠦ ᠶᠢ | ᠲᠠᠶᠢᠴᠢᠯᠠᠵᠤ᠂ ᠠᠵᠤ ᠦᠢᠯᠡᠰ ᠤᠨ ᠴᠢᠨᠠᠷ ᠰᠠᠶᠢᠳᠠᠢ ᠬᠦᠭᠵᠢᠯᠲᠡ ᠳᠤ ᠪᠦᠲᠦᠮᠵᠢᠳᠠᠢ ᠠᠴᠢᠶᠠᠯᠠᠭᠴᠢ ᠬᠠᠩᠭᠠᠬᠤ | ᠭᠡᠷᠡᠭᠲᠡᠢ ᠭᠡᠵᠤ ᠵᠢᠭᠠᠪᠠ᠃ | ᠳ᠋ᠦᠩ ᠰᠢᠨ ᠠᠮᠤ ᠲᠤᠰᠤᠨ ᠤ ᠺᠤᠮᠫᠠᠨᠢ ᠳᠤ᠂ ᠯᠦᠸᠧ ᠬᠤ᠋ ᠽᠠᠢ ᠠᠵᠤ ᠠᠬᠤᠢᠢᠯᠠᠯ ᠤᠨ ᠦᠢᠯᠡᠳᠪᠤᠷᠢᠯᠡᠯ | ᠡᠵᠡᠩᠨᠡᠯᠲᠡ ᠪᠠ ᠭᠠᠳᠠᠭᠠᠳᠤ ᠠᠷᠠᠯᠵᠢᠶ᠎ᠠ ᠶᠢᠨ ᠬᠦᠭᠵᠢᠯᠲᠡ ᠶᠢᠨ ᠪᠠᠶᠢᠳᠠᠯ ᠢ ᠨᠠᠷᠢᠨ ᠦᠢᠯᠠᠭᠠᠪᠠ᠃ ᠲᠡᠷᠡ | ᠴᠢᠬᠤᠯᠠᠴᠢᠯᠠᠬᠤ ᠳᠠᠭᠠᠨ᠂ ᠡᠷᠢᠶᠠᠨ ᠬᠤᠳᠠ ᠪᠤᠭᠤᠮᠳᠠ ᠶᠢᠨ ᠲᠠᠪᠠᠭᠤᠯᠢᠭ ᠲᠠᠭᠠᠨ ᠲᠦᠰᠢᠭᠯᠡᠨ᠂ ᠲᠠᠪᠠᠭᠤᠯᠢᠭ | ᠤᠨᠴᠠᠯᠢᠭᠳᠤ ᠠᠵᠤ ᠦᠢᠯᠡᠰ ᠢ ᠬᠦᠴᠦᠷᠭᠡᠭᠵᠢᠬᠦᠯᠬᠦ ᠶᠢ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ | ᠠᠬᠢᠭᠤᠯᠬᠤ ᠭᠤᠤᠯᠳᠠᠯᠭ᠎ᠠ ᠪᠤᠯᠭᠠᠵᠤ᠂ ᠤᠯᠠᠨ ᠤᠯᠤᠰ ᠤᠨ ᠠᠷᠠᠯᠵᠢᠶ᠎ᠠ ᠪᠠ ᠪᠤᠳᠠᠰ ᠤᠨ ᠬᠦᠢᠯᠭᠡᠭᠡᠨ ᠤ ᠦᠢᠯᠡᠰ᠂ | ᠭᠠᠳᠠᠭᠠᠳᠤ ᠠᠴᠠ ᠤᠷᠤᠭᠤᠯᠬᠤ ᠭᠠᠳᠠᠭᠠᠳᠤ ᠳᠤ ᠭᠠᠷᠭᠠᠬᠤ ᠪᠠᠷᠠᠭ᠎ᠠ ᠶᠢ ᠡᠳ᠋ᠰᠢᠬᠦᠯᠦᠨ ᠪᠤᠯᠪᠠᠰᠤᠷᠠᠭᠤᠯᠬᠤ ᠦᠢᠯᠡᠰ᠂ | ᠡᠨᠧᠷᠬᠢ ᠠᠷᠪᠢᠯᠠᠬᠤ ᠪᠤᠬᠢᠷᠲᠦᠯ ᠦᠭᠡᠢ ᠠᠵᠤ ᠦᠢᠯᠡᠰ ᠢ ᠬᠦᠴᠦᠷᠭᠡᠭᠵᠢᠬᠦᠯᠵᠤ᠂ ᠲᠦᠷᠦᠯ ᠵᠦᠢᠯ ᠢ ᠲᠡᠲᠡᠨ | ᠤᠷᠤᠭᠤᠯᠬᠤ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠠᠷᠠᠯᠵᠢᠶ᠎ᠠ ᠶᠢᠨ ᠰᠢᠨ᠎ᠠ ᠪᠠᠶᠢᠳᠠᠯ ᠰᠢᠨ᠎ᠠ ᠭᠡᠪ ᠵᠠᠭᠪᠤᠷ ᠢ | ᠪᠤᠢ ᠪᠤᠯᠭᠠᠵᠤ ᠪᠤᠵᠠᠭᠠᠢᠢᠷᠠᠭᠤᠯᠬᠤ ᠭᠡᠷᠡᠭᠲᠡᠢ ᠭᠡᠪᠡ᠃ | ᠯᠦᠸᠧ ᠬᠤ᠋ ᠽᠠᠢ ᠡᠷᠢᠶᠠᠨ ᠬᠤᠳᠠ ᠶᠢᠨ ᠤᠯᠤᠰ ᠤᠨ ᠭᠤᠤᠯᠳᠡᠯᠭᠠᠳᠤ ᠨᠡᠭᠡᠭᠡᠨ ᠬᠦᠭᠵᠢᠬᠦᠯᠬᠦ | ᠲᠤᠷᠰᠢᠯᠳᠠ ᠶᠢᠨ ᠤᠷᠤᠨ ᠤ ᠠᠮᠢ ᠠᠬᠤᠢ ᠤᠷᠴᠢᠨ ᠲᠤᠭᠤᠷᠢᠨ ᠤ ᠵᠠᠰᠠᠯᠳᠠ ᠶᠢᠨ ᠲᠦᠷᠦᠯ ᠵᠦᠢᠯ ᠤᠨ ᠪᠠᠶᠢᠳᠠᠯ ᠢ | ᠨᠠᠷᠢᠨ ᠦᠢᠯᠠᠭᠠᠵᠤ᠂ ᠡᠯ᠎ᠡ ᠭᠠᠵᠠᠷ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠤᠷᠴᠢᠨ ᠲᠤᠭᠤᠷᠢᠨ ᠤ | ᠬᠠᠮᠠᠭᠠᠯᠠᠯᠳᠠ ᠪᠠᠷ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠲᠡ ᠶᠢ ᠠᠬᠢᠭᠤᠯᠬᠤ ᠴᠢᠬᠤᠯᠠ ᠭᠠᠷᠳᠠᠴᠠ ᠪᠤᠯᠭᠠᠵᠤ | ᠂ ᠴᠢᠨᠠᠷᠯᠢᠭ ᠠᠮᠢᠳᠤᠷᠠᠯ ᠢ ᠴᠤᠭᠴᠠᠯᠠᠬᠤ ᠴᠢᠬᠤᠯᠠ ᠠᠭᠤᠯᠭ᠎ᠠ ᠪᠤᠯᠭᠠᠵᠤ᠂ ᠪᠤᠬᠢᠷᠲᠦᠯ ᠦᠭᠡᠢ ᠬᠦᠭᠵᠢᠯᠲᠡ ᠶᠢ | ᠠᠬᠢᠭᠤᠯᠵᠤ᠂ ᠤᠯᠠᠨ ᠲᠦᠮᠡᠨ ᠤ ᠡᠳᠦᠷ ᠢᠷᠡᠬᠦᠶ᠎ᠠ ᠨᠡᠮᠡᠭᠲᠡᠵᠤ ᠪᠠᠶᠢᠭ᠎ᠠ ᠰᠠᠶᠢᠨ ᠰᠠᠶᠢᠬᠠᠨ ᠠᠮᠢ ᠠᠬᠤᠢ ᠤᠷᠴᠢᠨ | ᠲᠤᠭᠤᠷᠢᠨ ᠤ ᠭᠡᠷᠡᠭᠴᠡᠭᠡ ᠶᠢ ᠬᠠᠩᠭᠠᠬᠤ ᠭᠡᠷᠡᠭᠲᠡᠢ᠃ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ | ᠱᠠᠯᠠᠪᠳᠠᠭᠤᠯᠤᠨ ᠪᠠᠶᠢᠴᠠᠭᠠᠯᠲᠠ ᠳᠤ ᠬᠠᠷᠢᠭᠤ ᠲᠤᠰᠬᠠᠬᠰᠠᠨ ᠰᠠᠨᠠᠯ ᠪᠠ ᠰᠢᠢᠳᠪᠤᠷᠢᠯᠡᠬᠦᠯᠬᠦ ᠪᠠᠷ ᠲᠤᠰᠢᠶᠠᠨ | ᠰᠢᠯᠵᠢᠬᠦᠯᠦᠭᠰᠡᠨ ᠠᠰᠠᠭᠤᠳᠠᠯ ᠢ ᠰᠠᠶᠢᠳᠤᠷ ᠴᠡᠭᠴᠡᠯᠡᠨ ᠰᠠᠶᠢᠵᠢᠷᠠᠭᠤᠯᠵᠤ᠂ ᠡᠬᠦᠷᠭᠡ ᠬᠠᠷᠢᠭᠤᠴᠠᠯᠭ᠎ᠠ ᠪᠠᠨ | ᠴᠢᠩᠭᠠᠳᠬᠠᠵᠤ᠂ ᠤᠯᠠᠨ ᠲᠦᠮᠡᠨ ᠤ ᠲᠡᠷᠭᠡᠲᠡᠭᠢ ᠤᠷᠴᠢᠨ ᠲᠤᠭᠤᠷᠢᠨ ᠤ ᠳᠤᠪᠤᠶᠢᠮ᠎ᠠ ᠠᠰᠠᠭᠤᠳᠠᠯ ᠢ ᠬᠦᠴᠦᠯᠡᠨ | ᠰᠢᠢᠳᠪᠤᠷᠢᠯᠡᠵᠤ᠂ ᠴᠡᠭᠴᠡᠯᠡᠨ ᠰᠠᠶᠢᠵᠢᠷᠠᠭᠤᠯᠤᠭᠰᠠᠨ ᠦᠷ᠎ᠠ ᠪᠦᠲᠦᠭᠡᠯ ᠢᠶᠠᠷ ᠤᠯᠠᠨ ᠲᠦᠮᠡᠨ ᠤ ᠢᠳᠡᠭᠡᠯ ᠢ ᠤᠯᠬᠤ | ᠭᠡᠷᠡᠭᠲᠡᠢ ᠭᠡᠪᠡ᠃ | ᠠᠶᠢᠮᠠᠭ ᠤᠨ ᠨᠠᠮ ᠤᠨ ᠬᠤᠷᠢᠶᠠᠨ ᠤ ᠭᠡᠰᠢᠬᠦᠨ᠂ ᠨᠠᠷᠢᠨ ᠪᠢᠴᠢᠭ ᠤᠨ ᠲᠠᠷᠤᠭ᠎ᠠ ᠸᠠᠩ ᠷᠦᠢ᠂ ᠡᠷᠢᠶᠠᠨ | ᠬᠤᠳᠠ ᠶᠢᠨ ᠬᠤᠳᠠ ᠶᠢᠨ ᠲᠠᠷᠤᠭ᠎ᠠ ᠯᠢᠤ ᡁᠢ ᠫᠢᠩ ᠪᠠᠷ᠎ᠠ ᠪᠤᠯᠵᠤ ᠪᠠᠶᠢᠴᠠᠭᠠᠨ ᠰᠤᠳᠤᠯᠤᠯᠳᠠ ᠬᠢᠪᠡ᠃ |