7 ᠰᠠᠷ᠎ᠠ ᠶᠢᠨ 10 ᠤ ᠡᠳᠤᠷ᠂ ᠲᠤᠮᠳᠠᠳᠤ ᠤᠯᠤᠰ ᠤᠨ ᠠᠷᠠᠳᠴᠢᠯᠠᠬᠰᠠᠠ ᠬᠤᠯᠪᠤᠭ᠎ᠠ ᠶᠢᠨ ᠲᠠᠪᠤᠳᠤᠭᠠᠷ | ᠬᠤᠭᠤᠴᠠᠭᠠᠨ ᠤ ᠤᠮᠠᠷᠠᠳᠤ ᠶᠢᠨ ᠠᠮᠢ ᠠᠬᠤᠢ ᠶᠢᠨ ᠶᠠᠷᠢᠶᠠᠨ ᠤ ᠲᠠᠪᠴᠠᠩ ᠮᠠᠨ ᠤ ᠠᠶᠢᠮᠠᠭ ᠲᠤ ᠶᠠᠪᠤᠭᠳᠠᠪᠠ᠃ | ᠲᠤᠰ ᠤᠳᠠᠭ᠎ᠠ ᠶᠢᠨ ᠶᠠᠷᠢᠶᠠᠨ ᠤ ᠲᠠᠪᠴᠠᠩ ᠨᠢ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ | ᠰᠠᠨᠠᠭ᠎ᠠ ᠪᠠᠷ ᠵᠢᠯᠤᠭᠤᠳᠤᠮᠵᠢ ᠪᠤᠯᠭᠠᠵᠥ᠂ ︽ᠬᠦᠮᠥᠨ ᠪᠠᠶᠢᠭᠠᠯᠢ ᠡᠶ᠎ᠡ ᠵᠤᠬᠢᠴᠠᠩᠭᠤᠢ ᠬᠠᠮᠳᠤ ᠤᠷᠤᠰᠢᠬᠤ︾ | ᠭᠡᠳᠡᠭ ᠢᠶᠠᠷ ᠭᠤᠤᠯ ᠰᠡᠳᠤᠪ ᠪᠤᠯᠭᠠᠵᠤ᠂ ᠤᠮᠠᠷᠠᠳᠤ ᠶᠢᠨ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ | ᠪᠠ ᠪᠤᠬᠢᠷᠲᠦᠯ ᠦᠭᠡᠢ ᠬᠦᠭᠵᠢᠯᠳᠡ ᠶᠢ ᠠᠬᠢᠭᠤᠯᠬᠤ ᠵᠡᠷᠭᠡ ᠠᠭᠤᠯᠭ᠎ᠠ ᠶᠢᠨ ᠲᠤᠭᠤᠷᠢᠨ ᠳᠤ ᠰᠠᠨᠠᠯ ᠢᠶᠠᠨ | ᠰᠤᠯᠢᠯᠴᠠᠵᠦ᠂ ᠰᠢᠨ᠎ᠠ ᠪᠠᠶᠢᠳᠠᠯ ᠲᠤᠤᠷᠠᠬᠢ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠲᠠ ᠶᠢᠨ | ᠪᠦᠲᠦᠮᠵᠢᠳᠠᠢ ᠠᠷᠭ᠎ᠠ ᠵᠠᠮ ᠢ ᠰᠦᠪᠡᠭᠴᠢᠯᠡᠵᠡᠢ᠃ | ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠪᠠᠶᠢᠩᠭᠤ ᠶᠢᠨ ᠬᠡᠰᠢᠬᠦᠨ᠂ ᠠᠷᠠᠳᠴᠢᠯᠠᠭᠰᠠᠠ | ᠬᠤᠯᠪᠤᠭ᠎ᠠ ᠶᠢᠨ ᠲᠦᠪ ᠬᠤᠷᠢᠶᠠᠨ ᠤ ᠲᠤᠰᠬᠠᠢ ᠲᠤᠰᠢᠶᠠᠯᠳᠤ ᠲᠡᠳ᠋ ᠲᠡᠷᠢᠬᠦᠯᠡᠭᠴᠢ ᠵᠠᠩ ᠳ᠋ᠤᠤ ᠬᠤᠩ | ᠠᠷᠠᠳᠴᠢᠯᠠᠬᠰᠠᠠ ᠬᠤᠯᠪᠤᠭ᠎ᠠ ᠶᠢᠨ ᠲᠦᠪ ᠬᠤᠷᠢᠶ᠎ᠡ ᠶᠢ ᠲᠦᠯᠥᠬᠡᠯᠡᠨ ᠬᠤᠷᠡᠯ ᠳᠤ ᠤᠷᠤᠯᠴᠠᠵᠥ ᠪᠠᠶᠠᠷ ᠬᠦᠷᠬᠡᠵᠦ᠂ | ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠪᠠᠶᠢᠩᠭᠤ ᠶᠢᠨ ᠭᠡᠰᠢᠬᠦᠨ᠂ ᠠᠷᠠᠳᠴᠢᠯᠠᠭᠰᠠᠠ | ᠬᠤᠯᠪᠤᠭ᠎ᠠ ᠶᠢᠨ ᠲᠦᠪ ᠬᠤᠷᠢᠶᠠᠨ ᠤ ᠲᠡᠳ᠋ ᠲᠡᠷᠢᠬᠦᠯᠡᠭᠴᠢ ᠸᠠᠩ ᠭᠤᠸᠠᠩ ᠴᠢᠶᠠᠨ᠂ ᠦᠪᠡᠷᠳᠡᠭᠡᠨ ᠵᠠᠰᠠᠬᠤ | ᠤᠷᠤᠨ ᠤ ᠤᠯᠤᠰ ᠲᠦᠷᠦ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ᠂ ᠠᠷᠠᠳᠴᠢᠯᠠᠬᠰᠠᠠ ᠬᠤᠯᠪᠤᠭ᠎ᠠ ᠶᠢᠨ ᠦᠪᠤᠷ | ᠮᠤᠩᠭᠤᠯ ᠤᠷᠤᠨ ᠤ ᠵᠦᠪᠯᠡᠯ ᠤᠨ ᠡᠷᠬᠢᠯᠡᠭᠴᠢ ᠭᠡᠰᠢᠬᠦᠨ ᠳ᠋ᠦᠩ ᠡᡁᠧᠩ ᠢᠤᠢ᠂ ᠦᠪᠡᠷᠲᠡᠭᠡᠨ ᠵᠠᠰᠠᠬᠤ ᠤᠷᠤᠨ ᠤ | ᠨᠠᠮ ᠤᠨ ᠬᠤᠷᠢᠶᠠᠨ ᠤ ᠨᠢᠭᠡᠲᠦᠮᠡᠯ ᠹᠷᠤᠨᠲ ᠤᠨ ᠭᠡᠯᠳᠡᠰ ᠤᠨ ᠳᠡᠳ᠋ ᠲᠡᠷᠤᠭ᠎ᠠ ᠸᠠᠩ ᠸᠧᠢ᠂ ᠠᠶᠢᠮᠠᠭ ᠤᠨ | ᠤᠳᠤᠷᠢᠳᠤᠯᠭ᠎ᠠ ᠯᠦᠸᠧ ᠬᠤ᠋ ᠽᠠᠢ᠂ ᠮᠠ ᠹᠧᠩ᠂ ᠸᠠᠩ ᠷᠦᠢ᠂ ᠤᠦ ᠰᠢᠶᠤᠤ ᠮᠧᠩ ᠨᠠᠷ ᠡᠬᠢᠯᠡᠯᠳᠡ ᠶᠢᠨ | ᠶᠤᠰᠤᠯᠠᠯ ᠳᠤ ᠤᠷᠤᠯᠴᠠᠵᠠᠢ᠃ | ᠵᠠᠩ ᠳ᠋ᠤᠤ ᠬᠤᠩ ᠵᠢᠭᠠᠬᠤ ᠳᠠᠭᠠᠨ᠂ ᠠᠷᠠᠳᠴᠢᠯᠠᠭᠰᠠᠠ ᠬᠤᠯᠪᠤᠭ᠎ᠠ ᠶᠢᠨ ᠤᠮᠠᠷᠠᠳᠤ ᠶᠢᠨ ᠠᠮᠢ ᠠᠬᠤᠢ ᠶᠢᠨ | ᠶᠠᠷᠢᠶᠠᠨ ᠤ ᠲᠠᠪᠴᠠᠩ ᠢ 2005 ᠤᠨ ᠳᠤ ᠡᠷᠬᠢᠯᠡᠭᠰᠡᠡ ᠠᠴᠠ ᠨᠠᠭᠠᠰᠢ᠂ ᠮᠠᠨ ᠤ ᠤᠯᠤᠰ ᠤᠨ ᠠᠮᠢ ᠠᠬᠤᠢ ᠶᠢᠨ | ᠪᠤᠯᠪᠠᠰᠤᠨ ᠤ ᠪᠠᠶᠢᠭᠤᠯᠤᠯᠳᠠ ᠶᠢᠨ ᠰᠢᠨ᠎ᠡ ᠱᠠᠭᠠᠷᠳᠠᠯᠭ᠎ᠠ ᠶᠢᠨ ᠲᠤᠭᠤᠷᠢᠨ ᠳᠤ ᠢᠳᠡᠪᠬᠢᠳᠡᠢ ᠪᠠᠷ ᠠᠷᠭ᠎ᠠ ᠤᠬᠠᠭᠠᠨ | ᠭᠠᠷᠭᠠᠵᠥ᠂ ᠦᠢᠯᠡᠳᠦᠯ ᠨᠢ ᠶᠠᠪᠤᠬᠤ ᠲᠤᠳᠤᠮ ᠲᠤᠪᠤᠶᠢᠮ᠎ᠡ ᠪᠤᠯᠤᠭᠰᠠᠠ ᠪᠠᠶᠢᠨ᠎ᠠ᠃ ᠪᠢᠳᠠ ᠤᠳᠤᠬᠠᠨ ᠪᠠ ᠠᠯᠤᠰ | ᠭᠡᠳᠤ᠂ ᠬᠤᠷᠸ᠎ᠠ ᠪᠠ ᠬᠤᠮᠠᠬᠢ᠂ ᠤᠨᠤᠯ ᠪᠠ ᠦᠢᠯᠡᠳᠦᠯᠭᠡ ᠶᠢ ᠤᠶᠠᠯᠳᠤᠭᠤᠯᠤᠨ᠂ ᠬᠠᠮᠳᠤᠪᠠᠷ ᠬᠦᠮᠦᠨ ᠪᠠᠶᠢᠭᠠᠯᠢ | ᠡᠶ᠎ᠡ ᠵᠤᠬᠢᠴᠠᠩᠭᠤᠢ ᠤᠷᠤᠰᠢᠬᠤ ᠶᠢᠨ ᠭᠤᠤᠯᠳᠠᠯᠭ᠎ᠠ᠂ ᠬᠦᠴᠢᠷ ᠠᠰᠠᠭᠤᠳᠠᠯ ᠢ ᠰᠤᠳᠤᠯᠤᠨ ᠶᠠᠷᠢᠯᠴᠠᠵᠤ᠂ ᠠᠮᠢ | ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠠ ᠠᠮᠢ ᠠᠬᠤᠢ ᠶᠢᠨ ᠠᠮᠤᠷ ᠲᠦᠪᠰᠢᠨ ᠤ ᠪᠠᠶᠢᠭᠤᠯᠤᠯᠳᠠ ᠳᠤ ᠰᠠᠨᠠᠯ | ᠰᠠᠨᠠᠭᠤᠯᠭ᠎ᠠ ᠪᠠᠨ ᠲᠡᠪᠰᠢᠬᠦᠯᠬᠦ ᠭᠡᠷᠡᠭᠲᠡᠢ᠃ ᠤᠬᠠᠭᠤᠯᠭ᠎ᠠ ᠬᠦᠮᠦᠵᠢᠯ ᠢ ᠰᠠᠶᠢᠳᠤᠷ ᠠᠳᠬᠤᠵᠤ᠂ ᠬᠦᠭᠡᠮᠲᠦᠭ | ᠨᠤᠭᠤᠭᠠᠨ ᠠᠭᠤᠯᠠ ᠤᠰᠤ ᠪᠤᠯ ᠲᠠᠷᠦᠢ ᠠᠯᠳᠠ ᠮᠦᠩᠬᠦᠨ ᠠᠭᠤᠯᠠ ᠮᠦᠨ ᠭᠡᠬᠦ ᠦᠢᠯᠠᠭᠠᠭᠳᠠᠬᠤᠨ ᠢ ᠪᠤᠢ ᠪᠤᠯᠭᠠᠵᠤ | ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠡᠯᠲᠡ ᠶᠢ ᠲᠦᠷᠭᠡᠳᠭᠡᠨ ᠠᠬᠢᠭᠤᠯᠵᠤ᠂ | ᠰᠢᠨ᠎ᠠ ᠪᠠᠷ ᠮᠠᠨᠳᠤᠵᠤ ᠪᠠᠶᠢᠭ᠎ᠠ ᠠᠵᠤ ᠦᠢᠯᠡᠰ ᠪᠠ ᠤᠷᠴᠢᠯ ᠠᠵᠤ ᠦᠢᠯᠡᠰ ᠢ ᠬᠦᠴᠦᠷᠭᠡᠭᠵᠢᠬᠦᠯᠵᠤ᠂ ᠪᠤᠳᠠᠳᠠᠢ | ᠤᠷᠤᠰᠢᠵᠤ ᠪᠠᠶᠢᠭ᠎ᠠ ᠲᠤᠪᠤᠶᠢᠮ᠎ᠠ ᠠᠰᠠᠭᠤᠳᠠᠯ ᠳᠤ ᠰᠢᠭᠤᠳ ᠬᠠᠨᠳᠤᠵᠤ᠂ ᠤᠷᠴᠢᠨ ᠲᠤᠭᠤᠷᠢᠨ ᠤ ᠪᠤᠬᠢᠷᠲᠦᠯ ᠤᠨ | ᠶᠠᠷᠦᠩᠬᠡᠶᠢᠯᠡᠨ ᠵᠠᠰᠠᠯᠳᠠ ᠶᠢ ᠴᠢᠩᠭᠠᠳᠬᠠᠵᠤ᠂ ᠠᠮᠢ ᠠᠬᠤᠢ ᠶᠢᠨ ᠪᠤᠯᠪᠠᠰᠤᠨ ᠤ ᠰᠢᠰᠲᠧᠮ ᠢ ᠪᠠᠶᠢᠭᠤᠯᠵᠤ᠂ | ᠨᠡᠶᠢᠭᠡᠮ ᠤᠨ ᠡᠯ᠎ᠡ ᠡᠳᠡᠭᠡᠳ ᠤᠨ ᠬᠢᠨ ᠤ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠢᠳᠡᠪᠬᠢᠵᠢᠯ ᠢ | ᠲᠠᠶᠢᠴᠢᠯᠠᠵᠤ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠵᠤᠬᠢᠶᠠᠨ ᠪᠠᠶᠢᠭᠤᠯᠤᠯᠳᠠ ᠶᠢᠨ | ᠤᠳᠤᠷᠢᠳᠤᠯᠭ᠎ᠠ ᠪᠠᠨ ᠴᠢᠩᠭᠠᠳᠬᠠᠬᠤ ᠭᠡᠷᠡᠭᠲᠡᠢ ᠭᠡᠪᠡ᠃ | ᠠᠶᠢᠮᠠᠭ ᠤᠨ ᠨᠠᠮ ᠤᠨ ᠬᠤᠷᠢᠶᠠᠨ ᠤ ᠱᠦᠵᠢ ᠯᠦᠸᠧ ᠬᠤ᠋ ᠽᠠᠢ ᠮᠠᠨ ᠤ ᠠᠶᠢᠮᠠᠭ ᠤᠨ ᠠᠵᠤ ᠠᠬᠤᠢ | ᠨᠡᠶᠢᠭᠡᠮ ᠤᠨ ᠬᠦᠭᠵᠢᠯᠲᠡ ᠶᠢᠨ ᠪᠠᠶᠢᠳᠠᠯ ᠪᠠ ᠨᠤᠳᠤᠭ ᠪᠠᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ | ᠪᠠᠶᠢᠳᠠᠯ ᠢ ᠨᠠᠷᠢᠨ ᠲᠠᠨᠢᠯᠴᠠᠭᠤᠯᠵᠠᠢ᠃ ᠲᠡᠷᠡ ᠵᠢᠭᠠᠬᠤ ᠳᠠᠭᠠᠨ᠂ ᠦᠵᠡᠰᠬᠦᠯᠡᠩᠳᠤ ᠰᠠᠶᠢᠬᠠᠨ ᠰᠢᠯᠢ ᠶᠢᠨ ᠭᠤᠤᠯ ᠢ | ᠪᠠᠶᠢᠭᠤᠯᠵᠤ᠂ ᠡᠭᠡ ᠤᠯᠤᠰ ᠤᠨ ᠤᠮᠠᠷᠠᠳᠦ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ | ᠴᠤᠭᠴᠠᠯᠠᠬᠤ ᠪᠤᠯ ᠪᠢᠳᠠᠨ ᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠤᠯᠤᠨ᠎ᠠ᠃ ᠪᠢᠳᠠ ᠬᠦᠭᠡᠮᠲᠦᠭ | ᠨᠤᠭᠤᠭᠠᠨ ᠠᠭᠤᠯᠠ ᠤᠰᠤ ᠪᠤᠯ ᠲᠠᠷᠦᠢ ᠠᠯᠳᠠ ᠮᠦᠩᠬᠦᠨ ᠠᠭᠤᠯᠠ ᠮᠦᠨ ᠭᠡᠬᠦ ᠦᠢᠯᠠᠭᠠᠭᠳᠠᠬᠤᠨ ᠢ ᠤᠯᠠᠮ | ᠪᠠᠳᠤᠳᠬᠠᠵᠤ᠂ ᠠᠮᠢ ᠠᠬᠤᠢ ᠪᠠᠷ ᠤᠷᠢᠳᠠᠯ ᠪᠤᠯᠭᠠᠵᠤ᠂ ᠪᠤᠬᠢᠷᠲᠦᠯ ᠦᠭᠡᠢ ᠬᠦᠭᠵᠢᠯᠲᠡ ᠶᠢᠨ ᠵᠠᠮ ᠢᠶᠠᠷ ᠵᠠᠮᠨᠠᠵᠤ᠂ | ᠠᠮᠢ ᠠᠬᠤᠢ ᠤᠷᠴᠢᠨ ᠲᠤᠭᠤᠷᠢᠨ ᠢᠶᠠᠨ ᠬᠠᠷᠠᠬᠤ ᠨᠢᠳᠦᠨ ᠤ ᠪᠠᠨ ᠴᠡᠴᠡᠭᠡᠢ ᠮᠡᠳᠦ ᠬᠠᠮᠠᠭᠠᠯᠠᠵᠤ᠂ ᠡᠭᠡ ᠤᠯᠤᠰ ᠤᠨ | ᠤᠮᠠᠷᠠᠳᠦ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠤᠭᠴᠠᠯᠠᠬᠤ ᠳᠤ ᠰᠢᠨ᠎ᠠ ᠬᠤᠪᠢ | ᠨᠡᠮᠡᠷᠢ ᠦᠵᠡᠬᠦᠯᠦᠨ᠎ᠡ ᠭᠡᠪᠡ᠃ | ᠬᠤᠷᠠᠯ ᠲᠡᠭᠡᠷ᠎ᠠ᠂ ᠸᠠᠩ ᠭᠤᠸᠠᠩ ᠴᠢᠶᠠᠨ ᠠᠺᠠᠳᠧᠮᠢᠴᠢ ᠵᠡᠷᠬᠡ 4 ᠲᠤᠰᠬᠠᠢ ᠮᠡᠷᠬᠡᠵᠢᠯᠳᠡᠨ ᠡᠷᠳᠡᠮᠳᠡᠨ ᠭᠤᠤᠯ | ᠰᠡᠳᠤᠪᠳᠤ ᠶᠠᠷᠢᠶ᠎ᠠ ᠲᠠᠯᠪᠢᠵᠥ᠂ ᠪᠦᠬᠦ ᠤᠯᠤᠰ ᠤᠨ 16 ᠮᠤᠵᠢ ︵ᠤᠷᠤᠨ᠂ ᠬᠤᠳᠠ︶ ᠶᠢᠨ ᠠᠷᠠᠳᠴᠢᠯᠠᠭᠰᠠᠠ | ᠬᠤᠯᠪᠤᠭ᠎ᠠ ᠶᠢᠨ ᠬᠡᠰᠢᠬᠦᠨ ᠰᠠᠨᠠᠯ ᠰᠤᠯᠢᠯᠴᠠᠬᠤ ᠶᠠᠷᠢᠶ᠎ᠠ ᠲᠠᠯᠪᠢᠵᠠᠢ᠃ ᠬᠤᠷᠡᠯ ᠳᠤ ᠤᠷᠤᠯᠴᠠᠭᠰᠠᠳ ᠪᠠᠰᠠ ᠮᠠᠨ ᠤ | ᠠᠶᠢᠮᠠᠭ ᠤᠨ ᠰᠢᠯᠤᠭᠤᠨ ᠬᠦᠭᠡ ᠬᠤᠰᠢᠭᠤᠨ ᠤ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢᠨ ᠪᠠᠶᠢᠳᠠᠯ ᠢ | ᠰᠢᠨᠵᠢᠯᠡᠨ ᠪᠠᠶᠢᠴᠠᠭᠠᠪᠠ᠃ |