︽ᠰᠢᠯᠢ ᠶᠢᠨ ᠭᠤᠤᠯ ᠡᠬᠦᠯᠡᠨ ᠰᠢᠯᠵᠢᠶ᠎ᠡ︾ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠵᠢᠩᠬᠢᠨᠢ ᠪᠠᠷ ᠠᠰᠢᠭᠯᠠᠯᠳᠠ ᠳᠤ ᠤᠷᠤᠪᠠ
ᠨᠡᠶᠢᠲᠡᠯᠡᠭᠰᠡᠨ ᠴᠠᠭ᠄
2018/7/20
    6 ᠰᠠᠷ᠎ᠠ ᠶᠢᠨ 28᠎ ᠤ ᠡᠳᠦᠷ᠂ ︽ᠰᠢᠯᠢ ᠶᠢᠨ ᠭᠤᠤᠯ ᠡᠬᠦᠯᠡᠨ ᠰᠢᠯᠵᠢᠶ᠎ᠠ︾ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠠᠰᠢᠭᠯᠠᠯᠲᠠ ᠳᠤ ᠤᠷᠤᠭᠰᠠᠨ ᠵᠢᠴᠢ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠤᠨ ᠰᠢᠨ᠎ᠡ ᠬᠢᠨᠠᠨ ᠵᠦᠪᠰᠢᠶᠡᠷᠡᠬᠦ ᠶᠠᠪᠤᠴᠠ ᠶᠢᠨ ᠡᠬᠢᠯᠡᠯᠲᠡ ᠶᠢᠨ ᠶᠤᠰᠤᠯᠠᠯ ᠰᠢᠯᠢ ᠶᠢᠨ ᠬᠤᠲᠠ ᠳᠤ ᠶᠠᠪᠤᠭᠳᠠᠪᠠ᠃         ᠠᠶᠢᠮᠠᠭ ᠤᠨ ᠤᠳᠤᠷᠢᠳᠤᠯᠭ᠎ᠠ ᠯᠦᠸᠧ ᠬᠤ᠋ ᠽᠠᠢ᠂ ᠡᠤ ᠭᠦᠸᠧ ᠳ᠋ᠦᠩ᠂ ᠵᠤᠤ ᠳ᠋ᠧ ᠶᠦᠩ᠂ ᠸᠠᠩ ᠷᠦᠢ᠂ ᠴᠢᠤᠢ ᠸᠧᠢ ᠭᠦᠸᠧ᠂ ᠡᠩᠬᠡᠲᠦ᠋ᠪᠰᠢᠨ᠂ ᠡᠤ ᠴᠤᠭ᠂ ᠰᠠᠷᠠᠨᠴᠢᠮᠡᠭ᠂ ᠭᠦᠸᠧ ᡁᠢ ᠴᠢᠶᠠᠩ ᠪᠠ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠡᠯᠧᠺᠲᠷᠥᠨ ᠵᠠᠰᠠᠭ ᠤᠨ ᠶᠠᠪᠤᠳᠠᠯ ᠤᠨ ᠭᠠᠵᠠᠷ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠡᠬᠢᠯᠡᠯᠲᠡ ᠶᠢᠨ ᠶᠤᠰᠤᠯᠠᠯ ᠳᠤ ᠤᠷᠤᠯᠴᠠᠪᠠ᠃         ᠯᠦᠸᠧ ᠬᠤ᠋ ᠽᠠᠢ ᠶᠠᠷᠢᠶᠠᠨ ᠳᠠᠭᠠᠨ ᠵᠢᠭᠠᠭᠰᠠᠨ ᠨᠢ᠂ ᠡᠯ᠎ᠠ ᠭᠠᠵᠠᠷ ᠡᠯ᠎ᠠ ᠬᠠᠮᠢᠶ᠎ᠠ ᠪᠦᠬᠦᠢ ᠰᠠᠯᠠᠭ᠎ᠠ ᠮᠥᠴᠢᠷ ︽ᠰᠢᠯᠢ ᠶᠢᠨ ᠭᠤᠤᠯ ᠡᠬᠦᠯᠡᠨ ᠰᠢᠯᠵᠢᠶ᠎ᠡ︾ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠤᠨ ᠠᠰᠢᠭᠯᠠᠯᠳᠠ ᠳᠤ ᠤᠷᠤᠭᠰᠠᠨ ᠢᠶᠠᠷ ᠲᠤᠬᠢᠶᠠᠯ ᠪᠤᠯᠭᠠᠵᠦ᠂ ︽ᠨᠢᠭᠡ ᠰᠦᠯᠵᠢᠶ᠎ᠡ ᠪᠠᠷ ᠪᠦᠬᠦᠨ ᠢ ᠬᠦᠢᠴᠡᠳᠭᠡᠬᠦ︾ ᠠᠵᠢᠯ ᠢ ᠪᠦᠬᠦ ᠬᠦᠴᠦᠨ ᠢᠶᠠᠷ ᠠᠬᠢᠭᠤᠯᠵᠦ᠂ ᠰᠦᠯᠵᠢᠶ᠎ᠡ ᠪᠡ ᠦᠢᠯᠡᠴᠢᠯᠡᠬᠡᠨ ᠤ ᠲᠦᠪ ᠤᠨ ᠠᠵᠢᠯ ᠢ ᠠᠭᠤᠰᠤᠯᠴᠠᠭᠤᠯᠵᠦ᠂ ᠠᠷᠠᠳ ᠲᠤ ᠲᠦᠬᠦᠮ ᠦᠵᠡᠬᠦᠯᠬᠦ᠂ ᠤᠶᠤᠨᠴᠢ ᠪᠤᠬᠢᠷᠳᠤᠯ ᠦᠬᠡᠢ ᠵᠠᠰᠠᠭ ᠤᠨ ᠵᠠᠪᠤᠳᠠᠯ ᠤᠨ ᠦᠢᠯᠡᠴᠢᠯᠡᠭᠡ ᠶᠢᠨ ᠤᠷᠴᠢᠨ ᠲᠤᠭᠤᠷᠢᠨ ᠪᠠ ᠬᠤᠳᠠᠯᠳᠤᠭᠠᠨ ᠤ ᠤᠷᠴᠢᠨ ᠲᠤᠭᠤᠷᠢᠨ ᠢ ᠪᠤᠢ ᠪᠤᠯᠭᠠᠬᠤ ᠭᠡᠷᠡᠭᠲᠡᠢ ᠭᠡᠪᠡ᠃         ᠯᠦᠸᠧ ᠬᠤ᠋ ᠽᠠᠢ ᠴᠢᠬᠤᠯᠠᠴᠢᠯᠠᠬᠤ ᠳᠠᠭᠠᠨ᠂ ᠪᠦᠬᠦ ᠠᠶᠢᠮᠠᠭ ᠲᠠᠶᠠᠭᠠᠷ ︽ᠵᠠᠰᠠᠭ ᠢ ᠴᠤᠮᠬᠠᠳᠬᠠᠵᠤ ᠡᠷᠭᠡ ᠶᠢ ᠲᠤᠷᠤᠭᠰᠢ ᠳᠠᠯᠪᠢᠬᠤ᠂ ᠲᠠᠯᠪᠢᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠬᠦᠯᠬᠦ︾ ᠦᠭᠡᠷᠡᠴᠢᠯᠡᠯᠲᠡ ᠶᠢ ᠠᠵᠦ ᠠᠬᠤᠢ ᠨᠡᠶᠢᠬᠡᠮ ᠤᠨ ᠡᠷᠡᠬᠦᠯ ᠬᠦᠭᠵᠢᠯᠲᠠ ᠶᠢ ᠠᠬᠢᠭᠤᠯᠬᠤ ᠪᠠᠶᠢᠯᠳᠤᠬᠤ ᠪᠤᠳᠤᠯᠭ᠎ᠠ ᠶᠢᠨ ᠠᠷᠭ᠎ᠠ ᠬᠡᠮᠵᠢᠶ᠎ᠡ ᠪᠤᠯᠭᠠᠨ ᠠᠳᠬᠤᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ᠂ ᠪᠡᠯᠡ ᠤᠷᠤᠭᠤᠯᠤᠯᠲᠠ ᠶᠢ ᠬᠢᠨᠠᠨ ᠵᠦᠪᠰᠢᠶᠡᠷᠡᠬᠦ᠂ ᠬᠤᠳᠠᠯᠳᠤᠭᠠᠨ ᠤ ᠶᠠᠪᠤᠳᠠᠯ ᠤᠨ ᠲᠦᠷᠢᠮ ᠵᠡᠷᠭᠡ ᠶᠢ ᠨᠢᠭᠡᠳᠦᠯᠲᠠᠢ ᠲᠦᠯᠦᠪᠵᠢᠬᠦᠯᠦᠨ ᠠᠬᠢᠭᠤᠯᠵᠦ᠂ ᠮᠠᠨ ᠤ ᠠᠶᠢᠮᠠᠭ ᠤᠨ ᠠᠵᠦ ᠠᠬᠤᠢ ᠶᠢᠨ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠬᠤ ᠳᠤ ᠰᠢᠨ᠎ᠡ ᠬᠦᠳᠡᠯᠭᠡᠭᠴᠢ ᠬᠦᠴᠦᠨ ᠨᠡᠮᠡᠷᠢᠯᠡᠵᠦ᠂ ᠵᠠᠬ᠎ᠠ ᠲᠠᠯᠭᠡᠭᠦᠷ ᠤᠨ ᠭᠤᠤᠯ ᠴᠤᠭᠴᠠ ᠪᠠ ᠠᠷᠠᠳ ᠲᠦᠮᠡᠨ ᠤ ᠬᠦᠷᠳᠡᠭᠡᠮᠵᠢ ᠶᠢᠨ ᠲᠦᠷᠦᠭᠳᠡᠯ ᠢ ᠲᠡᠭᠡᠭᠰᠢᠯᠡᠬᠦᠯᠬᠦ ᠬᠡᠷᠡᠭᠲᠡᠢ ᠭᠡᠪᠡ᠃         ᠤᠢᠢᠯᠠᠭᠠᠭᠰᠠᠨ ᠢᠶᠠᠷ᠂ ︽ᠰᠢᠯᠢ ᠶᠢᠨ ᠭᠤᠤᠯ ᠡᠬᠦᠯᠡᠨ ᠰᠢᠯᠵᠢᠶ᠎ᠡ︾ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠢ ᠭᠤᠤᠯᠳᠠᠭᠤ ᠵᠠᠰᠠᠭ ᠤᠨ ᠤᠷᠳᠤᠨ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ᠂ ᠤᠯᠠᠨ ᠨᠡᠶᠢᠲᠡ ᠶᠢᠨ ᠦᠢᠯᠡᠴᠢᠯᠡᠭᠡ ᠵᠢᠴᠢ ᠠᠷᠠᠳ ᠲᠤ ᠲᠦᠭᠦᠮ ᠦᠵᠡᠬᠦᠯᠬᠦ ᠦᠢᠯᠡᠴᠢᠯᠡᠭᠡ ᠵᠡᠷᠭᠡ ᠬᠦᠷᠢᠶᠡᠨ ᠳᠤ ᠬᠡᠷᠡᠭᠯᠡᠵᠦ᠂ ᠵᠠᠰᠠᠭ ᠤᠨ ᠶᠠᠪᠤᠳᠠᠯ ᠤᠨ ᠴᠢᠮᠡᠭᠡ ᠵᠠᠩᠬᠢ ᠶᠢ ᠡᠳ᠋ᠯᠡᠬᠦ ‍ᠦ᠋ᠯᠡᠳᠦᠯ ᠢ ᠪᠠᠳᠠᠷᠠᠭᠤᠯᠵᠦ᠂ ᠠᠷᠠᠳ ᠲᠤ ᠲᠦᠭᠦᠮ ᠦᠵᠡᠬᠦᠯᠬᠦ ᠪᠤᠯᠤᠨ᠎ᠠ᠃ ᠤᠳᠤᠬᠠᠨ ᠪᠤᠯᠳᠠᠯ᠎ᠠ᠂ ︽ᠰᠢᠯᠢ ᠶᠢᠨ ᠭᠤᠤᠯ ᠡᠬᠦᠯᠡᠨ ᠰᠢᠯᠵᠢᠶ᠎ᠡ︾ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠠᠪᠴᠠᠩ ᠢ ᠨᠢᠭᠡᠨᠳᠡ ᠪᠠᠶᠢᠭᠤᠯᠵᠦ ᠲᠠᠭᠤᠰᠬᠠᠨ ᠠᠰᠢᠭᠯᠠᠯᠲᠠ ᠳᠤ ᠤᠷᠤᠭᠤᠯᠵᠦ᠂ ᠠᠶᠢᠮᠠᠭ ᠬᠤᠰᠢᠭᠤ ᠬᠤᠶᠠᠷ ᠱᠠᠲᠤᠨ ᠳᠤ 1091 ᠲᠠᠩᠰᠠᠨ ᠳ᠋ᠤᠭᠠᠷ ᠨᠡᠬᠡᠬᠡᠵᠦ᠂ ᠠᠶᠢᠮᠠᠭ ᠬᠤᠰᠢᠭᠤ ᠬᠤᠶᠠᠷ ᠱᠠᠲᠤ ᠶᠢ ᠦᠨᠳᠦᠰᠦᠨ ᠳᠡᠭᠡᠨ ᠪᠦᠷᠬᠦᠬᠦᠯᠵᠦ ᠴᠢᠳᠠᠵᠠᠢ᠃ ᠲᠠᠪᠴᠠᠩ ᠨᠢ ᠪᠦᠬᠦ ᠠᠶᠢᠮᠠᠭ ᠤᠨ ᠡᠯ᠎ᠠ ᠭᠠᠵᠠᠷ ᠤᠨ ᠠᠵᠦ ᠠᠬᠤᠢᠢᠯᠠᠯ᠂ ᠤᠯᠠᠨ ᠲᠦᠮᠡᠨ ᠤ 690 ᠵᠦᠢᠯ ᠤᠨ ᠤᠴᠢᠷ ᠶᠠᠪᠤᠳᠠᠯ ᠢ ᠬᠦᠯᠢᠶᠡᠨ ᠠᠪᠴᠦ ᠰᠢᠢᠳᠪᠦᠷᠢᠯᠡᠵᠦ ᠴᠢᠳᠠᠬᠤ ᠪᠦᠭᠡᠳ ᠨᠡᠩ ᠪᠡᠷᠢᠮᠵᠢᠶᠡᠵᠢᠬᠰᠠᠨ᠂ ᠤᠨᠤᠪᠴᠢᠲᠠᠢ᠂ ᠲᠦᠭᠦᠮ ᠲᠦᠳᠡ ᠦᠢᠯᠡᠴᠢᠯᠡᠭᠡ ᠪᠠᠷ ᠤᠯᠠᠨ ᠲᠦᠮᠡᠨ ᠪᠠ ᠠᠵᠦ ᠠᠬᠤᠢᠢᠯᠠᠯ ᠤᠨ ᠰᠦᠯᠵᠢᠶ᠎ᠡ ᠪᠠᠷ ᠲᠡᠮᠵᠢᠨ ᠤᠴᠢᠷ ᠶᠠᠪᠤᠳᠠᠯ ᠢᠶᠠᠨ ᠬᠦᠢᠴᠡᠳᠭᠡᠬᠦ ᠶᠢ ᠪᠡᠶᠡᠯᠡᠬᠦᠯᠵᠦ ᠴᠢᠳᠠᠬᠤ ᠪᠤᠯᠭᠠᠵᠠᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号