ᠰᠢᠯᠢ ᠶᠢᠨ ᠭᠤᠤᠯ ᠠᠶᠢᠮᠠᠭ ᠤᠨ ᠮᠤᠩᠭᠤᠯ ᠡᠮᠨᠡᠯᠭᠡ ᠶᠢᠨ ᠬᠤᠷᠢᠶ᠎ᠠ ᠢᠡᠭᠭᠡᠨ ᠬᠤᠭᠤᠷᠮᠠᠭ ᠢ ᠡᠮᠴᠢᠯᠡᠭᠡᠨ ᠳᠤ ᠭᠡᠷᠡᠭᠯᠡᠯ᠎ᠠ
ᠨᠡᠶᠢᠲᠡᠯᠡᠭᠰᠡᠨ ᠴᠠᠭ᠄
2018/8/10
    ᠲᠡᠷᠢᠬᠦᠯᠡᠭᠴᠢ ᠰᠢ ᠶᠢᠨ ᠫᠢᠩ ᠪᠦᠬᠦ ᠤᠯᠤᠰ ᠤᠨ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠶᠡᠭᠡ ᠬᠤᠷᠠᠯ ᠳᠡᠭᠡᠷ᠎ᠠ ︽ᠪᠦᠬᠦ ᠠᠷᠠᠳ ᠤᠨ ᠡᠷᠡᠭᠦᠯ ᠮᠡᠨᠳᠦ ᠪᠠᠶᠢᠬᠤ ᠦᠭᠡᠢ ᠪᠤᠯ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠳᠤ ᠬᠦᠷᠴᠦ ᠴᠢᠳᠠᠬᠤ ᠦᠭᠡᠢ︾ ᠭᠡᠵᠦ ᠵᠢᠭᠠᠵᠦ ᠭᠠᠷᠭᠠᠬᠰᠡᠨ ᠪᠠᠶᠢᠳᠠᠭ᠃ ᠰᠢᠯᠢ ᠶᠢᠨ ᠭᠤᠤᠯ ᠠᠶᠢᠮᠠᠭ ᠤᠨ ᠮᠤᠩᠭᠤᠯ ᠡᠮᠨᠡᠯᠭᠡ ᠶᠢᠨ ᠬᠤᠷᠢᠶ᠎ᠠ ᠲᠡᠷᠢᠬᠦᠯᠡᠭᠴᠢ ᠰᠢ ᠶᠢᠨ ᠫᠢᠩ ᠤᠨ ᠰᠢᠷᠢᠰ ᠶᠠᠷᠢᠶᠠᠨ ᠤ ᠵᠤᠷᠢᠭ ᠰᠠᠨᠠᠭ᠎ᠠ ᠶᠢ ᠪᠤᠳᠠᠳᠠᠢ ᠳᠤ ᠦᠢᠯᠡᠳᠦᠯᠭᠡᠵᠢᠭᠦᠯᠵᠦ᠂ ᠠᠷᠠᠳ ᠤᠯᠠᠨ ᠳᠤ ᠨᠡᠩ ᠰᠠᠶᠢᠨ ᠡᠮᠴᠢᠯᠡᠭᠡ ᠬᠠᠩᠭᠠᠬᠤ ᠶᠢᠨ ᠳᠤᠰᠠᠳᠠ᠂ ᠤᠯᠠᠨ ᠵᠢᠯ ᠤᠨ ᠳᠤᠷᠰᠢ ᠴᠡᠭᠡ ᠶᠢᠨ ᠤᠯᠠᠮᠵᠢᠯᠠᠯᠲᠦ ᠵᠠᠰᠠᠯ ᠢ ᠬᠡᠷᠡᠭᠯᠡᠵᠦ ᠰᠠᠶᠢᠨ ᠪᠦᠲᠦᠮᠵᠢ ᠤᠯᠤᠬᠰᠡᠨ ᠤ ᠰᠠᠭᠤᠷᠢᠨ ᠳᠡᠭᠡᠷ᠎ᠠ᠂ ᠦᠨᠤ ᠵᠢᠯ ᠠᠴᠠ ᠢᠩᠭᠡᠨ ᠬᠤᠭᠤᠷᠮᠠᠭ ᠢ ᠡᠮᠴᠢᠯᠡᠭᠡᠨ ᠳᠤ ᠬᠡᠷᠡᠭᠯᠡᠭᠡᠳ ᠬᠦᠮᠦᠰ ᠤᠨ ᠬᠦᠷᠢᠶᠠᠯᠠᠯ ᠢ ᠤᠯᠵᠦ ᠪᠠᠶᠢᠨ᠎ᠠ᠃         ᠮᠤᠩᠭᠤᠯᠴᠤᠳ ᠤᠷᠲᠤ ᠤᠳᠠᠭᠠᠨ ᠤᠨ ᠵᠢᠯ ᠤᠨ ᠨᠡᠭᠦᠳᠡᠯ ᠮᠠᠯᠵᠢᠯ ᠤᠨ ᠲᠡᠤᠬᠡᠨ ᠶᠠᠪᠤᠴᠠ ᠳᠠᠭᠠᠨ᠂ ᠠᠳᠣᠭᠤ ᠲᠡᠮᠡᠭᠡ ᠵᠡᠷᠭᠡ ᠲᠠᠪᠤᠨ ᠬᠤᠰᠢᠭᠤ ᠮᠠᠯ ᠢ ᠭᠠᠷᠰᠢᠭᠤᠯᠤᠨ ᠳᠠᠰᠬᠠᠵᠦ᠂ ᠰᠠᠭᠠᠯᠢ ᠰᠦ᠂ ᠠᠰᠢᠭ ᠰᠢᠮ᠎ᠠ ᠶᠢ ᠨᠢ ᠪᠤᠯᠪᠠᠰᠤᠷᠠᠭᠤᠯᠤᠨ ᠦᠢᠯᠡᠳᠪᠦᠷᠢᠯᠡᠯ ᠠᠮᠢᠳᠤᠷᠠᠯ ᠳᠠᠭᠠᠨ ᠬᠡᠷᠡᠭᠯᠡᠭᠰᠡᠭᠡᠷ ᠢᠷᠡᠵᠡᠢ᠃ ᠡᠭᠦᠨ ᠤ ᠳᠤᠲᠤᠷ᠎ᠠ᠂ ᠴᠡᠭᠡ ᠪᠤᠯᠤᠨ ᠢᠩᠭᠡᠨ ᠬᠤᠭᠤᠷᠮᠠᠭ ᠪᠤᠯ ᠭᠡᠭᠦᠦ ᠶᠢᠨ ᠰᠦ᠂ ᠢᠩᠭᠡᠨ ᠰᠦ ᠪᠠᠨ ᠤᠯᠠᠮᠵᠢᠯᠠᠯᠲᠦ ᠠᠷᠭ᠎ᠠ ᠪᠠᠷ ᠢᠰᠭᠡᠵᠦ ᠪᠤᠯᠪᠠᠰᠤᠷᠠᠭᠤᠯᠤᠬᠰᠡᠨ ᠶᠠᠮᠠᠷᠴᠦ ᠨᠡᠮᠡᠯᠳᠠ ᠡᠳ᠋ ᠦᠭᠡᠢ ᠴᠤᠯ ᠪᠠᠶᠢᠭᠠᠯᠢᠯᠢᠭ ᠴᠠᠭᠠᠨ ᠢᠳᠡᠭᠡᠨ ᠤ ᠲᠦᠷᠦᠯ ᠶᠤᠮ᠃ ᠴᠡᠭᠡ᠂ ᠢᠩᠭᠡᠨ ᠬᠤᠭᠤᠷᠮᠠᠭ ᠲᠤ ᠬᠦᠮᠦᠨ ᠤ ᠪᠡᠶ᠎ᠡ ᠳᠤ ᠳᠤᠰᠠᠳᠠᠢ ᠤᠯᠠᠨ ᠵᠦᠢᠯ ᠤᠨ ᠡᠯᠧᠮᠧᠨ᠋ᠲ ᠠᠭᠤᠯᠤᠬᠳᠠᠵᠦ᠂ ᠴᠢᠰᠤᠨ ᠳᠠᠷᠤᠯᠳᠠ ᠶᠢ ᠳᠤᠬᠢᠷᠠᠭᠤᠯᠵᠦ᠂ ᠡᠯᠢᠭᠡ᠂ ᠵᠢᠷᠤᠬᠡ᠂ ᠠᠭᠤᠰᠬᠢ᠂ ᠬᠤᠳᠤᠭᠤᠳᠦ᠂ ᠭᠡᠳᠡᠰᠦ ᠵᠡᠷᠭᠡ ᠴᠤᠯᠤ ᠰᠠᠪᠠ ᠶᠢᠨ ᠡᠪᠡᠳᠴᠢᠨ ᠳᠤ ᠲᠤᠰᠠᠳᠠᠢ ᠪᠠᠷ ᠪᠠᠷᠠᠬᠤ ᠦᠭᠡᠢ᠂ ᠨᠦᠢᠷ ᠬᠤᠯᠵᠢᠬᠤ᠂ ᠦᠯᠦ ᠬᠠᠯᠳᠠᠭᠠᠬᠤ ᠴᠢᠳᠠᠪᠦᠷᠢ ᠳᠤᠷᠦ᠋ᠢᠳᠠᠬᠤ᠂ ᠶᠠᠰᠤᠨ ᠤ ᠰᠡᠶᠢᠷᠡᠭᠵᠢᠯ ᠵᠡᠷᠭᠡ ᠠᠷᠬᠠᠭ ᠡᠪᠡᠳᠴᠢᠨ ᠳᠤ ᠴᠦ ᠮᠠᠰᠢ ᠰᠠᠶᠢᠨ ᠦᠢᠯᠡᠳᠦᠯ ᠲᠠᠢ ᠪᠠᠶᠢᠳᠠᠭ ᠢ ᠦᠢᠯᠡᠳᠦᠯᠭᠡ ᠭᠡᠷᠡᠴᠢᠯᠡᠭᠰᠡᠨ ᠪᠠᠶᠢᠳᠠᠭ᠃ ᠢᠯᠠᠩᠭᠤᠶ᠎ᠠ ᠢᠩᠭᠡᠨ ᠬᠤᠭᠤᠷᠮᠠᠭ ᠨᠢ ᠴᠢᠰᠤᠨ ᠤ ᠰᠢᠬᠢᠷ ᠢ ᠪᠠᠭᠤᠷᠠᠭᠤᠯᠵᠦ᠂ ᠰᠢᠬᠢᠷ ᠰᠢᠵᠢᠩ ᠡᠪᠡᠳᠴᠢᠨ ᠢ ᠠᠨᠠᠭᠠᠬᠤ ᠲᠠᠯ᠎ᠠ ᠪᠠᠷ ᠮᠡᠳᠡᠭᠳᠡᠮ᠎ᠠ ᠦᠢᠯᠡᠳᠦᠯ ᠲᠠᠢ᠃         ᠢᠩᠭᠡᠨ ᠬᠤᠭᠤᠷᠮᠠᠭ ᠢ ᠡᠮᠴᠢᠯᠡᠭᠡᠨ ᠳᠤ ᠬᠡᠷᠡᠭᠯᠡᠬᠦ ᠠᠵᠦ ᠦᠢᠯᠡᠰ ᠢ ᠤᠯᠠᠮ ᠰᠠᠶᠢᠨ ᠬᠦᠭᠵᠢᠭᠦᠯᠬᠦ ᠶᠢᠨ ᠲᠦᠯᠦᠭᠡ᠂ ᠰᠢᠯᠢ ᠶᠢᠨ ᠭᠤᠤᠯ ᠠᠶᠢᠮᠠᠭ ᠤᠨ ᠮᠤᠩᠭᠤᠯ ᠡᠮᠨᠡᠯᠭᠡ ᠶᠢᠨ ᠬᠤᠷᠢᠶ᠎ᠠ ᠶᠢᠨ ᠬᠤᠷᠢᠶᠠᠨ ᠳᠠᠷᠤᠭ᠎ᠠ ᠰᠡᠴᠡᠨᠪᠠᠭᠠᠳᠤᠷ ᠤᠷᠴᠢᠮᠬᠠᠨ ᠳᠤᠰᠬᠠᠶᠢᠯᠠᠨ ︽ᠲᠡᠮᠡᠭᠡᠲᠦ ᠨᠤᠳᠤᠭ︾ ᠠᠯᠠᠱᠠ ᠠᠶᠢᠮᠠᠭ ᠤᠨ ᠠᠯᠠᠱᠠ ᠪᠠᠷᠠᠭᠤᠨ ᠬᠤᠰᠢᠭᠤᠨ ᠳᠤ ᠬᠦᠷᠴᠦ᠂ ᠳᠡᠨᠳᠡᠬᠢ ᠦᠪᠦᠷ ᠮᠤᠩᠭᠤᠯ ᠤᠨ ᠲᠡᠮᠡᠭᠡᠨ ᠰᠤᠳᠤᠯᠭᠠᠨ ᠤ ᠬᠦᠷᠢᠶᠡᠯᠡᠩ᠂ ᠲᠡᠮᠡᠭᠡ ᠦᠷᠡᠵᠢᠭᠦᠯᠬᠦ ᠰᠠᠭᠤᠷᠢᠨ ᠭᠠᠵᠠᠷ᠂ ᠠᠯᠳᠠᠨ ᠢᠩᠭᠡᠨ ᠰᠠᠭᠠᠯᠢ ᠶᠢᠨ ᠮᠠᠯᠴᠢᠳ ᠤᠨ ᠬᠤᠷᠰᠢᠶᠠᠵᠢᠯ ᠵᠡᠷᠭᠡ ᠭᠠᠵᠠᠷ ᠢᠶᠠᠷ ᠬᠦᠷᠴᠦ᠂ ᠪᠠᠶᠢᠴᠠᠭᠠᠨ ᠰᠤᠳᠤᠯᠤᠯᠳᠠ ᠬᠢᠵᠦ ᠳᠤᠷᠰᠢᠯᠭ᠎ᠠ ᠰᠤᠯᠢᠯᠴᠠᠵᠠᠢ᠃         ᠲᠤᠰ ᠡᠮᠨᠡᠯᠭᠡ ᠶᠢᠨ ᠬᠤᠷᠢᠶ᠎ᠠ ᠴᠡᠭᠡ ᠪᠤᠯᠤᠨ ᠢᠩᠭᠡᠨ ᠬᠤᠭᠤᠷᠮᠠᠭ ᠢ ᠤᠯᠠᠮᠵᠢᠯᠠᠯᠲᠦ ᠡᠮᠴᠢᠯᠡᠭᠡ ᠵᠠᠰᠠᠯ ᠳᠤ ᠬᠡᠷᠡᠭᠯᠡᠭᠰᠡᠨ ᠨᠢ ᠤᠳᠤ ᠶᠢᠨ ᠬᠦᠮᠦᠰ ᠤᠨ ᠪᠤᠬᠢᠷᠳᠦᠯ ᠦᠭᠡᠢ ᠬᠡᠯᠪᠡᠷᠢ ᠪᠠᠷ ᠡᠪᠡᠳᠴᠢᠨ ᠢᠶᠠᠨ ᠠᠨᠠᠭᠠᠵᠦ᠂ ᠪᠡᠶ᠎ᠠ ᠰᠤᠪᠢᠯᠠᠬᠤ ᠦᠵᠡᠯᠳᠠ ᠳᠤ ᠵᠤᠬᠢᠴᠠᠨ᠂ ᠤᠯᠠᠨ ᠤ ᠬᠦᠷᠢᠶᠡᠯᠡᠯ ᠢ ᠤᠯᠵᠦ ᠪᠠᠶᠢᠬᠤ ᠪᠠᠷ ᠪᠠᠷᠠᠬᠤ ᠦᠬᠡᠢ᠂ ᠮᠠᠯᠴᠢᠳ ᠤᠨ ᠠᠳᠤᠭᠤ᠂ ᠲᠡᠮᠡᠭᠡ ᠪᠠᠨ ᠮᠠᠯᠵᠢᠨ ᠰᠦ ᠰᠠᠭᠠᠯᠢ᠂ ᠠᠰᠢᠭ ᠰᠢᠮ᠎ᠠ ᠶᠢ ᠨᠢ ᠪᠤᠷᠤᠯᠠᠭᠤᠯᠵᠦ᠂ ᠤᠷᠤᠯᠭ᠎ᠠ ᠪᠠᠨ ᠨᠡᠮᠡᠭᠳᠡᠭᠦᠯᠬᠦ ᠳᠤ ᠴᠤ ᠢᠳᠡᠪᠬᠢᠲᠠᠢ ᠦᠢᠯᠡᠳᠦᠯ ᠦᠵᠡᠭᠦᠯᠵᠦ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号