ᠮᠠᠯ ᠠᠵᠤ ᠠᠬᠤᠢ ᠶᠢᠨ ᠬᠠᠨᠭ᠍ᠭᠠᠯᠭ᠎ᠠ ᠶᠢᠨ ᠲᠠᠯ᠎ᠡ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢᠨ ᠨᠢᠭᠡᠡ ᠭᠢᠯᠡᠰ ᠴᠡᠭ — ᠤᠯᠠᠭᠠᠢ ᠬᠠᠮᠢᠶᠠᠷᠤᠯᠳᠠ ᠶᠢᠨ ᠤᠷᠤᠠ 20 ᠪᠤᠬ᠎ᠠ ᠪᠠᠨ ᠦᠨ᠎ᠡ ᠬᠠᠶᠠᠯᠴᠠᠠ ᠬᠤᠳᠠᠯᠳᠤᠵᠤ ᠶᠡᠷᠦᠩᠭᠡᠢ ᠦᠷᠳᠡᠭ ᠨᠢ 128 ᠲᠦᠮᠡᠡ ᠲᠦᠭᠦᠷᠢᠭ ᠲᠤ ᠭᠦᠷᠴᠡᠢ
ᠨᠡᠶᠢᠲᠡᠯᠡᠭᠰᠡᠨ ᠴᠠᠭ᠄
2018/8/14
    8 ᠰᠠᠷ᠎ᠡ ᠶᠢᠨ 10᠎ ᠤ ᠡᠳᠦᠷ᠂ ᠮᠠᠠ ᠤ ᠠᠶᠢᠮᠠᠭ ᠤᠨ ᠤᠯᠠᠭᠠᠢ ᠬᠠᠮᠢᠶᠠᠷᠤᠯᠳᠠ ᠶᠢᠨ ᠤᠷᠤᠠ ᠳᠤ ᠠᠩᠬᠠᠳᠤᠭᠠᠷ ᠬᠤᠭᠤᠴᠠᠭᠠᠠ ᠤ ᠪᠦᠭᠦ ᠤᠯᠤᠰ ᠤᠨ ᠦᠨ᠎ᠡ ᠬᠠᠶᠠᠯᠴᠠᠠ ᠪᠤᠬ᠎ᠠ ᠬᠤᠳᠠᠯᠳᠤᠬᠤ ᠴᠤᠭᠯᠠᠭᠠᠠ ᠶᠠᠪᠤᠭᠳᠠᠵᠤ᠂ ᠦᠨ᠎ᠡ ᠬᠠᠶᠠᠯᠴᠠᠠ ᠬᠤᠳᠠᠯᠳᠤᠭᠰᠠᠠ ᠶᠡᠷᠦᠩᠭᠡᠢ ᠦᠷᠳᠡᠭ 557.7 ᠲᠦᠮᠡᠡ ᠲᠦᠭᠦᠷᠢᠭ ᠲᠤ ᠭᠦᠷᠴᠦ᠂ ᠡᠭᠦᠨ ᠳᠤ ᠤᠯᠠᠭᠠᠢ ᠬᠠᠮᠢᠶᠠᠷᠤᠯᠳᠠ ᠶᠢᠨ ᠤᠷᠤᠠ ᠤ 20 ᠪᠤᠬ᠎ᠠ ᠶᠢ ᠦᠨ᠎ᠡ ᠬᠠᠶᠠᠯᠴᠠᠠ ᠬᠤᠳᠠᠯᠳᠤᠭᠰᠠᠠ ᠶᠡᠷᠦᠩᠭᠡᠢ ᠦᠷᠳᠡᠭ 128 ᠲᠦᠮᠡᠡ ᠲᠦᠭᠦᠷᠢᠭ ᠲᠤ ᠭᠦᠷᠴᠡᠢ᠃         ᠦᠢᠯᠠᠭᠠᠬᠰᠠᠨ ᠢᠶᠠᠷ᠂ ᠴᠤᠭᠯᠠᠭᠠᠠ ᠳᠤ᠂ ᠬᠤᠪᠸᠢ᠂ ᠾᠧᠨᠠᠠ᠂ ᠭᠢᠷᠢᠡ᠂ ᠭᠠᠨᠰᠤ᠂ ᠦᠪᠤᠷ ᠮᠤᠩᠭᠤᠯ ᠵᠡᠷᠭᠡ ᠭᠠᠵᠠᠷ ᠤᠷᠤᠠ ᠤ 72 ᠪᠤᠬ᠎ᠠ ᠳᠤ ᠦᠨ᠎ᠡ ᠬᠠᠶᠠᠯᠴᠠᠵᠤ᠂ ᠲᠤᠬᠠᠢ ᠶᠢᠨ ᠲᠠᠯᠠᠪᠤᠷ ᠲᠤ 60᠎ ᠶᠢ ᠨᠢ ᠬᠤᠳᠠᠯᠳᠤᠠ ᠭᠠᠷᠭᠠᠪᠠ᠃ ᠡᠭᠦᠨ ᠳᠤ ᠮᠠᠠ ᠤ ᠠᠶᠢᠮᠠᠭ ᠤᠨ ᠤᠯᠠᠭᠠᠢ ᠬᠠᠮᠢᠶᠠᠷᠤᠯᠳᠠ ᠶᠢᠨ ᠤᠷᠤᠠ 21 ᠪᠤᠬ᠎ᠠ ᠪᠠᠨ ᠦᠨ᠎ᠠ ᠬᠠᠶᠠᠯᠴᠠᠬᠤ ᠳᠤ ᠤᠷᠤᠯᠴᠠᠭᠤᠯᠵᠦ᠂ 20᠎ ᠶᠢ ᠨᠢ ᠬᠤᠳᠠᠯᠳᠤᠨ ᠭᠠᠷᠭᠠᠵᠦ᠂ ᠦᠨ᠎ᠡ ᠬᠠᠶᠠᠯᠴᠠᠠ ᠬᠤᠳᠠᠯᠳᠤᠭᠰᠠᠠ ᠶᠡᠷᠦᠩᠭᠡᠢ ᠦᠷᠳᠡᠭ ᠨᠢ 128 ᠲᠦᠮᠡᠡ ᠲᠦᠭᠦᠷᠢᠭ ᠲᠤ ᠭᠦᠷᠴᠠᠢ᠃ ᠤᠯᠠᠭᠠᠢ ᠬᠠᠮᠢᠶᠠᠷᠤᠯᠳᠠ ᠶᠢᠨ ᠤᠷᠤᠠ ᠤ ᠮᠠᠯᠵᠢᠯ ᠤᠨ ᠲᠤᠮᠤ ᠡᠷᠦᠭᠡ ᠸᠠᠩ ᠶᠢᠨ ᠴᠢᠶᠠᠩ 3 ᠪᠤᠬ᠎ᠠ ᠪᠠᠨ ᠦᠨ᠎ᠡ ᠬᠠᠶᠠᠯᠴᠠᠠ ᠬᠤᠳᠠᠯᠳᠤᠵᠦ ᠶᠡᠷᠦᠩᠭᠡᠢ ᠦᠷᠳᠡᠭ ᠨᠢ 12.2 ᠲᠦᠮᠡᠡ ᠲᠦᠭᠦᠷᠢᠭ ᠲᠤ ᠭᠦᠷᠴᠤ᠂ ᠬᠠᠮᠤᠭ ᠦᠨᠳᠦᠷ ᠨᠢ 6.2 ᠲᠦᠮᠡᠡ ᠲᠦᠭᠦᠷᠢᠭ ᠲᠤ ᠭᠦᠷᠴᠡᠢ᠃ ᠤᠯᠠᠭᠠᠢ ᠬᠠᠮᠢᠶᠠᠷᠤᠯᠳᠠ ᠶᠢᠨ ᠤᠷᠤᠠ ᠤ ᠤᠤ ᠺᠧ ᠰᠧ ᠮᠠᠯ ᠠᠵᠤ ᠠᠬᠤᠢ ᠶᠢᠨ ᠭᠢᠵᠠᠭᠠᠷᠳᠤ ᠺᠤᠮᠫᠠᠨᠢ ᠶᠢᠨ ᠦᠨ᠎ᠡ ᠬᠠᠶᠠᠯᠴᠠᠭᠠᠨ ᠳᠤ ᠤᠷᠤᠯᠴᠠᠭᠤᠯᠤᠬᠰᠠᠨ 18 ᠪᠤᠬ᠎ᠠ ᠠᠴᠠ 17᠎ ᠶᠢ ᠬᠤᠳᠠᠯᠳᠤᠨ ᠭᠠᠷᠭᠠᠵᠦ᠂ ᠦᠨ᠎ᠡ ᠬᠠᠶᠠᠯᠴᠠᠠ ᠬᠤᠳᠠᠯᠳᠤᠭᠰᠠᠠ ᠦᠷᠳᠡᠭ ᠨᠢ 115.8 ᠲᠦᠮᠡᠡ ᠲᠦᠭᠦᠷᠢᠭ ᠲᠤ ᠭᠦᠷᠴᠦ᠂ ᠡᠭᠦᠡ ᠳᠤ 7 ᠰᠠᠷ᠎ᠡ ᠲᠠᠢ ᠨᠢᠭᠡ ᠪᠤᠬ᠎ᠠ 20 ᠲᠦᠮᠡᠡ ᠲᠦᠭᠦᠷᠢᠭ ᠲᠤ ᠬᠦᠷᠪᠡ᠃ ᠡᠨᠡ ᠬᠦ ᠠᠮᠵᠢᠯᠳᠡ ᠨᠢ ᠮᠠᠠ ᠤ ᠠᠶᠢᠮᠠᠭ ᠤᠨ ᠰᠢᠯᠢᠳᠡᠭ ᠡᠭᠦᠯᠳᠠᠷ ᠤᠨ ᠮᠢᠬᠠᠠ ᠤ ᠦᠭᠡᠷ ᠤᠨ ᠠᠵᠤ ᠦᠢᠯᠡᠰ ᠤᠨ ᠭᠦᠭᠵᠢᠯᠳᠠ ᠶᠢᠨ ᠦᠷ᠎ᠡ ᠪᠦᠳᠦᠮᠵᠢ ᠶᠢ ᠬᠠᠷᠠᠭᠤᠯᠵᠤ᠂ ᠮᠠᠯ ᠠᠵᠤ ᠠᠬᠤᠢ ᠶᠢᠨ ᠬᠠᠨᠭ᠍ᠭᠠᠯᠭ᠎ᠠ ᠶᠢᠨ ᠲᠠᠯ᠎ᠡ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢᠨ ᠨᠢᠭᠡᠡ ᠭᠢᠯᠡᠰ ᠴᠡᠭ ᠪᠤᠯᠵᠠᠢ᠃         ᠦᠨ᠎ᠡ ᠬᠠᠶᠠᠯᠴᠠᠠ ᠪᠤᠬ᠎ᠠ ᠬᠤᠳᠠᠯᠳᠤᠬᠤ ᠴᠤᠭᠯᠠᠭᠠᠠ ᠮᠠᠠ ᠤ ᠠᠶᠢᠮᠠᠭ ᠲᠤ ᠶᠠᠪᠤᠭᠳᠠᠭᠰᠠᠠ ᠨᠢ ᠮᠠᠠ ᠤ ᠠᠶᠢᠮᠠᠭ ᠰᠢᠯᠢᠳᠡᠭ ᠡᠭᠦᠯᠳᠠᠷ ᠤᠨ ᠮᠢᠬᠠᠠ ᠤ ᠦᠭᠡᠷ ᠤᠨ ᠠᠵᠤ ᠦᠢᠯᠡᠰ ᠢ ᠭᠦᠭᠵᠢᠭᠦᠯᠭᠦ ᠳᠤ ᠠᠭᠢᠭᠤᠯᠬᠤ ᠦᠢᠯᠡᠳᠦᠯ ᠦᠵᠡᠭᠦᠯᠭᠦ ᠨᠢ ᠯᠠᠪᠳᠠᠢ᠃ ᠦᠢᠷ᠎ᠠ ᠶᠢᠨ ᠵᠢᠯ ᠳᠤ ᠮᠠᠨ ᠤ ᠠᠶᠢᠮᠠᠭ ᠤᠯᠤᠰ ᠤᠨ ᠴᠢᠬᠤᠯᠠ ᠪᠤᠬᠢᠷᠳᠤᠯ ᠦᠭᠡᠢ ᠮᠠᠯ ᠤᠨ ᠠᠰᠢᠬ ᠰᠢᠮ᠎ᠠ ᠶᠢᠨ ᠪᠦᠳᠦᠭᠡᠭᠳᠡᠭᠦᠨ ᠢ ᠪᠤᠯᠪᠠᠰᠤᠷᠠᠭᠤᠯᠬᠤ ᠰᠠᠭᠤᠷᠢᠨ ᠪᠤᠯᠤᠨ ᠳᠤᠮᠳᠠ ᠳᠡᠭᠡᠳᠦ ᠳᠡᠰ ᠤᠨ ᠠᠮᠢ ᠠᠬᠤᠢ ᠶᠢᠨ ᠮᠠᠯ ᠤᠨ ᠠᠰᠢᠭ ᠰᠢᠮ᠎ᠠ ᠶᠢᠨ ᠪᠦᠳᠦᠭᠡᠭᠳᠡᠭᠦᠨ ᠤ ᠳᠦᠪ ᠢ ᠪᠦᠳᠦᠭᠡᠨ ᠪᠠᠶᠢᠭᠤᠯᠬᠤ ᠶᠢᠨ ᠳᠤᠭᠤᠷᠢᠨ ᠳᠤ ᠮᠠᠯ ᠠᠵᠦ ᠠᠬᠤᠢ ᠶᠢᠨ ᠬᠠᠨᠭ᠍ᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠤᠨ᠂ ︽ᠬᠤᠨᠢ ᠶᠢ ᠴᠦᠭᠡᠳᠭᠡᠵᠦ ᠦᠭᠡᠷ ᠢ ᠨᠡᠮᠡᠭᠳᠡᠭᠦᠯᠬᠦ︾ ᠪᠠᠶᠢᠯᠳᠤᠬᠤ ᠪᠤᠳᠤᠯᠭ᠎ᠠ ᠶᠢ ᠭᠡᠷᠡᠭᠵᠢᠭᠦᠯᠵᠦ᠂ ᠤᠯᠠᠮᠵᠢᠯᠠᠯᠳᠦ ᠮᠠᠯ ᠠᠵᠦ ᠠᠬᠤᠢ ᠶᠢᠨ ᠭᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠬᠦᠴᠦᠳᠠᠢ ᠠᠬᠢᠭᠤᠯᠪᠠ ᠃ ᠨᠢᠳᠦᠨᠦᠡ ᠵᠢᠯ᠂ ᠠᠶᠢᠮᠠᠭ ᠤᠨ ᠱᠠᠳᠤᠠ ᠤ ᠡᠳ᠋ ᠤᠨ ᠵᠠᠰᠠᠭ ᠠᠴᠠ ᠮᠢᠬᠠᠠ ᠤ ᠦᠭᠡᠷ ᠮᠠᠯᠵᠢᠬᠤ ᠦᠢᠯᠡᠰ ᠢ ᠲᠡᠤᠨᠭᠦᠡ ᠲᠠᠮᠵᠢᠭᠦ 1.43 ᠳ᠋ᠦᠡᠭᠰᠢᠭᠤᠷ ᠲᠦᠭᠦᠷᠢᠭ ᠲᠤᠭᠢᠷᠠᠭᠤᠯᠵᠤ᠂ 4.3 ᠲᠦᠮᠠᠠ ᠮᠢᠬᠠᠠ ᠤ ᠦᠭᠡᠷ ᠤᠷᠤᠭᠤᠯᠪᠠ᠂ ᠡᠭᠦᠡ ᠳᠤ ᠤᠯᠤᠰ ᠤᠨ ᠭᠠᠳᠠᠨ᠎ᠡ ᠠᠴᠠ 2.6 ᠲᠦᠮᠡᠡ ᠴᠡᠪᠡᠷ ᠡᠭᠦᠯᠳᠠᠷ ᠤᠨ ᠦᠭᠡᠷ ᠤᠷᠤᠭᠤᠯᠵᠠᠢ᠃ ᠡᠨᠡ ᠵᠢᠯ ᠤᠨ 6 ᠰᠠᠷ᠎ᠡ ᠶᠢᠨ ᠰᠡᠭᠦᠯᠴᠢ ᠪᠤᠯᠳᠠᠯ᠎ᠡ᠂ ᠪᠦᠭᠦ ᠠᠶᠢᠮᠠᠭ ᠤᠨ ᠮᠢᠬᠠᠠ ᠤ ᠦᠭᠡᠷ ᠤᠨ ᠳᠤᠭ᠎ᠠ 170 ᠲᠦᠮᠠ ᠳᠤ ᠭᠦᠷᠴᠤ᠂ ᠡᠭᠦᠯᠳᠠᠷ ᠰᠠᠶᠢᠵᠢᠷᠠᠭᠤᠯᠤᠭᠰᠠᠠ ᠬᠠᠷᠢᠴᠠᠯ 95%᠎ ᠳᠤ ᠭᠦᠷᠴᠡᠢ᠃ ᠡᠨᠡ ᠵᠢᠯ ᠤᠨ ᠲᠡᠭᠡᠷ᠎ᠡ ᠬᠠᠭᠠᠰ ᠵᠢᠯ ᠪᠦᠭᠦ ᠠᠶᠢᠮᠠᠭ ᠢᠶᠠᠷ ᠢᠶᠠᠨ 59.07 ᠲᠦᠮᠡᠡ ᠲᠤᠭᠤᠯ ᠲᠤᠰᠴᠤ᠂ ᠠᠳᠠᠯᠢ ᠬᠤᠭᠤᠴᠠᠭᠠᠠ ᠤ ᠬᠢ ᠠᠴᠠ 7.5 ᠲᠦᠮᠡ ᠨᠡᠮᠡᠭᠳᠡᠵᠠᠢ︔ ᠪᠤᠭ ᠮᠠᠯ ᠤᠨ ᠲᠦᠯ 545.4 ᠲᠦᠮᠡ ᠲᠤᠰᠴᠤ᠂ ᠠᠳᠠᠯᠢ ᠬᠤᠭᠤᠴᠠᠭᠠᠠ ᠤ ᠬᠢ ᠠᠴᠠ 83 ᠲᠦᠮᠡ ᠪᠠᠭᠠᠰᠴᠠᠢ᠃         ᠤᠢᠢᠷ᠎ᠡ ᠶᠢᠨ ᠵᠢᠯ ᠳᠤ᠂ ᠤᠯᠠᠭᠠᠢ ᠬᠠᠮᠢᠶᠠᠷᠤᠯᠳᠠ ᠶᠢᠨ ᠤᠷᠤᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ︽ᠬᠤᠨᠢ ᠶᠢ ᠴᠦᠭᠡᠤᠨᠭᠡᠵᠤ ᠦᠭᠡᠷ ᠢ ᠨᠡᠮᠡᠭᠳᠡᠭᠦᠯᠭᠦ︾ ᠪᠠᠶᠢᠯᠳᠤᠬᠤ ᠪᠤᠳᠤᠯᠭ᠎ᠠ ᠶᠢ ᠡᠷᠴᠢᠮᠳᠠᠢ ᠳᠤᠭᠤᠰᠢᠯᠠᠭᠤᠯᠵᠦ᠂ ᠤᠷᠤᠨ ᠨᠤᠳᠤᠬ ᠤᠨ ᠪᠠᠶᠢᠳᠠᠯ ᠳᠠᠭᠠᠨ ᠳᠤᠬᠢᠷᠠᠭᠤᠯᠤᠨ ︽ᠢᠴᠡᠭᠡᠯ ᠦᠷ᠎ᠡ ᠶᠢᠨ ᠭᠡᠭᠡᠯᠳᠦᠬᠦᠯᠭᠡ ᠪᠠᠷ ᠡᠭᠦᠯᠳᠠᠷ ᠰᠠᠶᠢᠵᠢᠷᠠᠭᠤᠯᠬᠤ᠂ ᠭᠠᠳᠠᠨ᠎ᠡ ᠠᠴᠠ ᠤᠷᠤᠭᠤᠯᠵᠤ ᠦᠷᠡᠵᠢᠭᠦᠯᠦᠡ ᠪᠤᠶᠢᠵᠢᠭᠤᠯᠬᠤ᠂ ᠴᠡᠪᠡᠷ ᠡᠭᠦᠯᠳᠠᠷ ᠢ ᠦᠷᠡᠵᠢᠭᠦᠯᠦᠡ ᠪᠤᠶᠢᠵᠢᠭᠤᠯᠬᠤ︾ ᠮᠡᠷᠭᠡᠵᠢᠯ ᠤᠨ ᠱᠤᠭᠤᠮ ᠢ ᠪᠠᠷᠢᠮᠳᠠᠯᠠᠵᠤ᠂ ᠠᠩᠭᠢᠰ᠂ ᠰᠢᠮᠧᠨ᠋ᠲ᠋ᠠᠷ ᠡᠭᠦᠯᠳᠠᠷ ᠢᠶᠠᠷ ᠭᠤᠤᠯ ᠪᠤᠯᠭᠠᠠ᠂ ᠮᠢᠬᠠᠠ ᠤ ᠦᠭᠡᠷ ᠤᠨ ᠰᠢᠨ᠎ᠡ ᠡᠭᠦᠯᠳᠠᠷ ᠢ ᠰᠤᠩᠭᠤᠠ ᠪᠤᠶᠢᠵᠢᠭᠤᠯᠬᠤ᠂ ᠴᠡᠪᠡᠷ ᠡᠭᠦᠯᠳᠠᠷ ᠤᠨ ᠮᠢᠬᠠᠠ ᠤ ᠦᠭᠡᠷ ᠦᠷᠡᠵᠢᠭᠦᠯᠦᠡ ᠪᠤᠶᠢᠵᠢᠭᠤᠯᠬᠤ ᠵᠡᠷᠭᠡ ᠨᠢᠭᠡ ᠪᠦᠯᠦᠭ ᠦᠭᠡᠷ ᠤᠨ ᠠᠵᠤ ᠦᠢᠯᠡᠰᠵᠢᠯᠳᠠ ᠶᠢᠨ ᠭᠤᠤᠯᠳᠠᠯᠭ᠎ᠠ ᠲᠠᠢ ᠲᠦᠷᠦᠯ ᠵᠦᠢᠯ ᠢ ᠭᠡᠷᠡᠭᠵᠢᠭᠦᠯᠵᠦ᠂ ᠮᠢᠬᠠᠠ ᠤ ᠦᠭᠡᠷ ᠤᠨ ᠪᠤᠳᠠᠭᠠᠯᠢ ᠪᠠᠶ᠎ᠡ ᠶᠢᠨ ᠦᠷ᠎ᠡ ᠠᠰᠢᠭ ᠢ ᠲᠡᠭᠡᠭᠰᠢᠯᠡᠭᠦᠯᠦᠡ᠂ ᠤᠳᠤ ᠦᠶ᠎ᠡ ᠶᠢᠨ ᠮᠠᠯ ᠠᠵᠤ ᠠᠬᠤᠢ ᠶᠢᠨ ᠭᠦᠭᠵᠢᠯᠳᠠ ᠶᠢ ᠠᠭᠢᠭᠤᠯᠪᠠ᠃ ᠤᠯᠤᠰ ᠤᠨ ᠭᠠᠳᠠᠨ᠎ᠡ ᠠᠴᠠ ᠴᠡᠪᠡᠷ ᠡᠭᠦᠯᠳᠠᠷ ᠤᠨ ᠠᠩᠭᠢᠰ ᠦᠭᠡᠷ ᠪᠤᠯᠤᠠ ᠰᠢᠮᠧᠨ᠋ᠲ᠋ᠠᠷ ᠦᠭᠡᠷ 6500᠎ ᠶᠢ ᠤᠷᠤᠭᠤᠯᠵᠤ᠂ ᠴᠡᠪᠡᠷ ᠡᠭᠦᠯᠳᠠᠷ ᠤᠨ ᠦᠭᠡᠷ ᠤᠨ ᠳᠤᠭ᠎ᠠ 9300᠎ ᠳᠤ ᠬᠦᠷᠴᠦ᠂ ᠮᠢᠬᠠᠠ ᠤ ᠦᠭᠡᠷ ᠤᠨ ᠲᠤᠭ᠎ᠠ 3 ᠲᠦᠮᠡ ᠶᠢ ᠰᠢᠪᠳᠤᠯᠵᠤ᠂ ᠦᠭᠡᠷ ᠤᠨ ᠡᠭᠦᠯᠳᠠᠷ ᠰᠠᠶᠢᠵᠢᠷᠠᠭᠤᠯᠤᠭᠰᠠᠠ ᠬᠠᠷᠢᠴᠠᠯ 99. 6%᠎ ᠳᠤ ᠭᠦᠷᠴᠦ᠂ ᠮᠠᠯᠴᠢᠤᠠ ᠤᠨ ᠭᠦᠮᠦᠡ ᠲᠤᠮᠳᠠᠴᠢ ᠦᠭᠡᠷ ᠮᠠᠯᠵᠢᠭᠰᠠᠠ ᠴᠡᠪᠡᠷ ᠤᠷᠤᠯᠭ᠎ᠠ 2 ᠲᠦᠮᠡ ᠭᠠᠷᠤᠢ ᠲᠦᠭᠦᠷᠢᠭ ᠲᠤ ᠭᠦᠷᠴᠡᠢ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号