ᠰᠢᠯᠢ ᠶᠢᠨ ᠬᠤᠳᠠ ᠮᠠᠯᠵᠢᠬᠤ ᠤᠷᠤᠨ ᠤ ᠬᠠᠮᠲᠤ ᠶᠢᠨ ᠡᠳ᠋ ᠬᠦᠷᠤᠩᠭᠡ ᠶᠢᠨ ᠡᠷᠭᠡ ᠶᠢᠨ ᠲᠦᠷᠢᠮ ᠤᠨ ᠦᠬᠡᠷᠡᠴᠢᠯᠠᠯᠲᠠ ᠶᠢᠨ ᠠᠵᠢᠯ ᠤᠨ ᠪᠤᠯᠪᠠᠰᠤᠷᠠᠯ ᠡᠷᠬᠢᠯᠡᠪᠡ
ᠨᠡᠶᠢᠲᠡᠯᠡᠭᠰᠡᠨ ᠴᠠᠭ᠄
2018/9/21
    9 ᠰᠠᠷ᠎ᠠ ᠶᠢᠨ 5᠎ ᠤ ᠡᠲᠤᠷ᠂ ᠰᠢᠯᠢ ᠶᠢᠨ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠠᠴᠠ ᠡᠷᠬᠢᠯᠡᠭᠰᠡᠨ ᠮᠠᠯᠵᠢᠬᠤ ᠤᠷᠤᠨ ᠤ ᠬᠠᠮᠲᠤ ᠶᠢᠨ ᠡᠳ᠋ ᠬᠦᠷᠤᠩᠭᠡ ᠶᠢᠨ ᠡᠷᠭᠡ ᠶᠢᠨ ᠲᠦᠷᠢᠮ ᠤᠨ ᠦᠬᠡᠷᠡᠴᠢᠯᠠᠯᠲᠠ ᠶᠢᠨ ᠠᠵᠢᠯ ᠤᠨ ᠪᠤᠯᠪᠠᠰᠤᠷᠠᠯ ᠰᠢᠯᠢ ᠶᠢᠨ ᠬᠤᠳᠠ ᠳᠤ ᠠᠮᠵᠢᠯᠲᠠ ᠲᠠᠢ ᠶᠠᠪᠤᠭᠲᠠᠪᠠ᠃         ᠲᠤᠰ ᠤᠲᠠᠭᠠᠨ ᠤ ᠪᠤᠯᠪᠠᠰᠤᠷᠠᠯ ᠳᠡᠭᠡᠷ᠎ᠠ ᠤᠨᠴᠠ ᠤᠷᠢᠭᠰᠠᠨ ᠲᠤᠰᠬᠠᠢ ᠮᠠᠷᠬᠡᠵᠢᠯᠲᠡᠨ᠂ ᠤᠤᠯ ᠤᠨ ᠦᠪᠤᠷ ᠮᠤᠩᠭᠤᠯ ᠤᠨ ᠡᠵᠡᠩᠨᠡᠨ ᠬᠠᠮᠢᠶᠠᠷᠤᠯᠲᠠ ᠶᠢᠨ ᠦᠷᠲᠡᠭᠡ ᠶᠢᠨ ᠲᠡᠳ᠋ ᠦᠷᠲᠡᠭᠡᠨ ᠲᠠᠷᠤᠭ᠎ᠠ ᠵᠢᠷᠭᠠᠯ ᠮᠠᠯᠵᠢᠬᠤ ᠤᠷᠤᠨ ᠤ ᠬᠠᠮᠲᠤ ᠶᠢᠨ ᠡᠳ᠋ ᠬᠦᠷᠤᠩᠭᠡ ᠶᠢᠨ ᠡᠷᠭᠡ ᠶᠢᠨ ᠲᠦᠷᠢᠮ ᠤᠨ ᠦᠬᠡᠷᠡᠴᠢᠯᠠᠯᠲᠠ ᠶᠢᠨ ᠲᠦᠷᠤ ᠶᠢᠨ ᠪᠤᠲᠤᠯᠭ᠎ᠠ ᠪᠠ ᠮᠠᠯᠵᠢᠬᠤ ᠤᠷᠤᠨ ᠤ ᠬᠠᠮᠲᠤ ᠶᠢᠨ ᠡᠳ᠋ ᠬᠦᠷᠤᠩᠭᠡ ᠶᠢ ᠲᠠᠩᠰᠠᠯᠠᠨ ᠲᠡᠮᠲᠡᠭᠯᠡᠬᠦ ᠠᠵᠢᠯ ᠤᠨ ᠲᠠᠯ᠎ᠠ ᠪᠠᠷ ᠲᠠᠶᠢᠯᠤᠮᠵᠢ ᠬᠢᠭᠰᠡᠨ ᠪᠠᠶᠢᠨ᠎ᠠ᠃         ᠲᠤᠰ ᠪᠤᠯᠪᠠᠰᠤᠷᠠᠯ ᠳᠤ ᠰᠢᠯᠢ ᠶᠢᠨ ᠬᠤᠲᠠ ᠶᠢᠨ ᠡᠯ᠎ᠡ ᠰᠤᠮᠤ ᠪᠠᠯᠭᠠᠰᠤᠨ ᠤ ᠭᠤᠤᠯ ᠬᠠᠷᠢᠭᠤᠴᠠᠯᠭᠠᠲᠠᠨ᠂ ᠬᠠᠮᠲᠤ ᠶᠢᠨ ᠡᠳ᠋ ᠬᠦᠷᠤᠩᠭᠡ ᠶᠢᠨ ᠡᠷᠭᠡ ᠶᠢᠨ ᠲᠦᠷᠢᠮ ᠤᠨ ᠦᠬᠡᠷᠡᠴᠢᠯᠠᠯᠲᠠ ᠶᠢᠨ ᠠᠵᠢᠯ ᠢ ᠬᠠᠷᠢᠭᠤᠴᠠᠵᠤ ᠪᠠᠶᠢᠭ᠎ᠠ ᠠᠵᠢᠯᠲᠠᠨ᠂ ᠡᠳ᠋ ᠤᠨ ᠵᠠᠰᠠᠭ ᠭᠠᠶᠢᠯᠢ ᠶᠢᠨ ᠶᠠᠪᠤᠲᠠᠯ ᠤᠨ ᠰᠠᠯᠪᠤᠷᠢ ᠶᠢᠨ ᠭᠤᠤᠯ ᠬᠠᠷᠢᠭᠤᠴᠠᠯᠭᠠᠲᠠᠨ᠂ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠲᠠᠷᠤᠭ᠎ᠠ᠂ ᠨᠢᠡᠡᠲᠠᠯᠠᠨ ᠪᠤᠲᠤᠭᠴᠢ ᠵᠡᠷᠭᠡ 120 ᠭᠠᠷᠤᠢ ᠬᠦᠮᠤᠨ ᠤᠷᠤᠯᠴᠠᠵᠡᠢ᠃         ᠦᠢᠯᠠᠭᠠᠭᠰᠠᠨ ᠢᠶᠠᠷ᠂ ᠡᠨᠡ ᠵᠢᠯ ᠪᠤᠯ ᠮᠠᠯᠵᠢᠬᠤ ᠤᠷᠤᠨ ᠤ ᠬᠠᠮᠲᠤ ᠶᠢᠨ ᠡᠳ᠋ ᠬᠦᠷᠤᠩᠭᠡ ᠶᠢᠨ ᠡᠷᠭᠡ ᠶᠢᠨ ᠲᠦᠷᠢᠮ ᠤᠨ ᠦᠬᠡᠷᠡᠴᠢᠯᠠᠯᠲᠠ ᠶᠢᠨ ᠵᠠᠩᠬᠢᠯᠠᠭ᠎ᠠ ᠶᠢᠨ ᠨᠢᠭᠡ ᠵᠢᠯ ᠪᠤᠯᠤᠨ᠎ᠠ᠃ ᠲᠤᠰ ᠪᠤᠯᠪᠠᠰᠤᠷᠠᠯ ᠢᠶᠠᠷ ᠲᠠᠮᠵᠢᠭᠤᠯᠤᠨ ᠮᠠᠯᠵᠢᠬᠤ ᠤᠷᠤᠨ ᠤ ᠬᠠᠮᠲᠤ ᠶᠢᠨ ᠡᠳ᠋ ᠬᠦᠷᠤᠩᠭᠡ ᠶᠢᠨ ᠡᠷᠭᠡ ᠶᠢᠨ ᠲᠦᠷᠢᠮ ᠤᠨ ᠦᠬᠡᠷᠡᠴᠢᠯᠠᠯᠲᠠ ᠶᠢᠨ ᠲᠦᠷᠤ ᠶᠢᠨ ᠪᠤᠲᠤᠯᠭ᠎ᠠ ᠶᠢ ᠲᠠᠶᠢᠯᠪᠤᠷᠢᠯᠠᠨ ᠤᠬᠠᠭᠤᠯᠵᠤ᠂ ᠬᠠᠮᠲᠤ ᠶᠢᠨ ᠡᠳ᠋ ᠬᠦᠷᠤᠩᠭᠡ ᠶᠢ ᠲᠠᠩᠰᠠᠯᠠᠨ ᠲᠡᠮᠲᠡᠭᠯᠡᠬᠦ ᠵᠡᠷᠭᠡ ᠲᠠᠯ᠎ᠠ ᠪᠠᠷ ᠲᠤᠬᠠᠢᠢᠯᠠᠭᠰᠠᠨ ᠠᠵᠢᠯ ᠤᠨ ᠪᠤᠯᠪᠠᠰᠤᠷᠠᠯ ᠬᠦᠷᠲᠡᠭᠡᠵᠤ᠂ ᠦᠬᠡᠷᠡᠴᠢᠯᠠᠯᠲᠠ ᠶᠢᠨ ᠠᠬᠢᠴᠨ ᠶᠢ ᠲᠦᠷᠭᠡᠳᠬᠡᠬᠦ ᠪᠤᠯᠤᠨ᠎ᠠ᠃ ᠰᠢᠯᠢ ᠶᠢᠨ ᠬᠤᠳᠠ ᠶᠢᠨ ᠡᠵᠡᠩᠨᠡᠨ ᠬᠠᠮᠢᠶᠠᠷᠤᠯᠲᠠ ᠶᠢᠨ ᠦᠷᠲᠡᠭᠡ ᠶᠢᠨ ᠲᠠᠷᠤᠭ᠎ᠠ ᠰᠢᠤ ᡁᠢ ᠰᠤᠷᠪᠤᠯᠵᠢᠯᠠᠭ᠎ᠠ ᠬᠦᠯᠢᠶᠡᠨ ᠶᠠᠷᠢᠬᠤ ᠳᠠᠭᠠᠨ᠄ ︽ᠲᠤᠰ ᠤᠲᠠᠭᠠᠨ ᠤ ᠪᠤᠯᠪᠠᠰᠤᠷᠠᠯ ᠤᠨ ᠠᠩᠬᠢ ᠶᠢ ᠡᠷᠬᠢᠯᠡᠵᠤ ᠪᠠᠶᠢᠭ᠎ᠠ ᠭᠤᠤᠯ ᠵᠤᠷᠢᠯᠭ᠎ᠠ ᠪᠤᠯ ᠮᠠᠯᠵᠢᠬᠤ ᠤᠷᠤᠨ ᠤ ᠬᠠᠮᠲᠤ ᠶᠢᠨ ᠡᠳ᠋ ᠬᠦᠷᠤᠩᠭᠡ ᠶᠢᠨ ᠡᠷᠭᠡ ᠶᠢᠨ ᠲᠦᠷᠢᠮ ᠤᠨ ᠦᠬᠡᠷᠡᠴᠢᠯᠠᠯᠲᠠ ᠶᠢ ᠠᠬᠢᠭᠤᠯᠵᠤ᠂ ᠭᠠᠴᠠᠭᠠᠨ ᠤ ᠬᠠᠮᠲᠤ ᠶᠢᠨ ᠡᠳ᠋ ᠬᠦᠷᠤᠩᠭᠡ ᠶᠢᠨ ᠬᠢᠨᠠᠯᠲᠠ ᠶᠢ ᠴᠢᠩᠭᠠᠳᠬᠠᠵᠤ᠂ ᠬᠠᠮᠢᠶᠠᠷᠤᠯᠲᠠ ᠶᠢᠨ ᠬᠢᠷᠢ ᠲᠦᠪᠰᠢᠨ ᠢ ᠲᠡᠭᠡᠭᠰᠢᠯᠡᠬᠦᠯᠤᠨ᠂ ᠬᠠᠮᠲᠤ ᠪᠠᠷ ᠡᠵᠡᠨ ᠮᠡᠲᠡᠨ᠂ ᠬᠠᠮᠲᠤ ᠪᠠᠷ ᠬᠦᠭᠵᠢᠬᠦᠯᠬᠦ ᠶᠢᠨ ᠳᠦᠯᠦᠬᠡ ᠶᠤᠮ︾ ᠬᠡᠯ᠎ᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号