ᠪᠡᠭᠡᠵᠢᠩ ᠠᠴᠠ ᠲᠠᠶᠢᠹᠤᠰᠧ ᠬᠤᠰᠢᠭᠤ ᠬᠦᠷᠬᠦ ︽ᠢᠳᠡᠰᠢᠨ ᠨᠤᠭᠤᠭᠠᠨ ᠤ ᠵᠦᠬᠡᠬᠡᠪᠦᠷᠢ ᠶᠢᠨ ᠰᠢᠭᠤᠳ ᠲᠡᠷᠭᠡ︾ ᠨᠡᠪᠲᠡᠷᠡᠪᠡ
ᠨᠡᠶᠢᠲᠡᠯᠡᠭᠰᠡᠨ ᠴᠠᠭ᠄
2019-01-23
    ᠤᠢᠢᠷ᠎ᠠ ᠶᠢᠨ ᠡᠲᠥᠷ᠂ ᠪᠡᠭᠡᠵᠢᠩ ᠠᠴᠠ ᠲᠠᠶᠢᠹᠤᠰᠧ ᠬᠤᠰᠢᠭᠤ ᠬᠦᠷᠬᠦ ᠢᠳᠡᠰᠢᠨ ᠨᠤᠭᠤᠭᠠᠨ ᠤ ᠵᠥᠭᠡᠭᠡᠪᠤᠷᠢ ᠶᠢᠨ ᠰᠢᠭᠤᠳ ᠲᠡᠷᠭᠡ ᠵᠢᠩᠭᠢᠨᠢ ᠪᠠᠷ ᠨᠡᠪᠲᠡᠷᠡᠵᠥ᠂ ᠬᠤᠶᠠᠷ ᠭᠠᠵᠠᠷ ᠤᠷᠤᠨ ᠤᠨᠴᠠᠯᠢᠬᠲᠤ ᠭᠠᠷᠤᠯᠲᠠ ᠪᠠᠷ ᠢᠶᠠᠨ ᠲᠤᠬᠠᠢ ᠶᠢᠨ ᠭᠠᠵᠠᠷ ᠤᠨ ᠠᠷᠠᠳ ᠤᠯᠠᠨ ᠳᠤ ᠬᠠᠷᠢᠯᠴᠠᠨ ᠠᠰᠢᠭ ᠬᠥᠷᠲᠡᠭᠡᠬᠦ ᠪᠤᠯᠤᠯ᠎ᠠ᠃     ᠪᠡᠭᠡᠵᠢᠩ ᠠᠴᠠ ᠲᠠᠶᠢᠹᠤᠰᠧ ᠬᠤᠰᠢᠭᠤ ᠬᠦᠷᠬᠦ ᠢᠳᠡᠰᠢᠨ ᠨᠤᠭᠤᠭᠠᠨ ᠤ ᠵᠦᠭᠡᠭᠡᠪᠤᠷᠢ ᠶᠢᠨ ᠰᠢᠭᠤᠳ ᠲᠡᠷᠭᠡ ᠶᠢᠨ ᠲᠦᠷᠦᠯ ᠵᠦᠢᠯ ᠪᠤᠯ ᠪᠡᠭᠡᠵᠢᠩ ᠤᠨ ᠴᠤᠸᠠᠩ ᠰᠢᠨ ᠶᠢᠨ ᠢᠤᠢ ᠬᠢᠵᠠᠭᠠᠷᠳᠤ ᠺᠤᠮᠫᠠᠨᠢ ᠪᠠ ᠲᠠᠶᠢᠹᠤᠰᠧ ᠬᠤᠰᠢᠭᠤᠨ ᠤ ᠢ ᠶᠤᠸᠠᠨ ᠲᠠᠷᠢᠶᠠᠯᠠᠩ ᠤᠨ ᠦᠢᠯᠡᠰ ᠤᠨ ᠬᠢᠵᠠᠭᠠᠷᠳᠤ ᠺᠤᠮᠫᠠᠨᠢ ᠬᠤᠶᠠᠷ ᠠᠵᠤ ᠠᠬᠤᠶᠢᠯᠠᠯ ᠨᠢ ᠪᠡᠭᠡᠵᠢᠩ ᠦᠪᠦᠷ ᠮᠤᠩᠭᠤᠯ ᠤᠨ ᠶᠠᠲᠠᠭᠤ ᠶᠢ ᠲᠡᠳᠬᠦᠬᠦ ᠬᠠᠮᠳᠤᠷᠠᠯᠴᠠᠭᠠᠨ ᠤ ᠲᠦᠷᠦ ᠶᠢᠨ ᠪᠤᠳᠤᠯᠭ᠎ᠠ ᠶᠢᠨ ᠲᠤᠬᠢᠶᠠᠯ ᠢ ᠠᠰᠢᠭᠯᠠᠵᠥ᠂ ᠬᠠᠮᠳᠤᠷᠠᠨ ᠭᠡᠷᠡᠭᠵᠢᠬᠦᠯᠦᠭᠰᠡᠨ ᠲᠦᠷᠦᠯ ᠵᠦᠢᠯ ᠪᠤᠯᠤᠨ᠎ᠠ᠃ ᠲᠦᠷᠦᠯ ᠵᠦᠢᠯ ᠳᠤ ᠴᠤᠸᠠᠩ ᠰᠢᠨ ᠶᠢᠨ ᠢᠤᠢ ᠺᠤᠮᠫᠠᠨᠢ ᠨᠢ ᠪᠡᠭᠡᠵᠢᠩ ᠤᠨ ᠱᠦᠢ ᠲᠦᠨ ᠵᠠᠬ᠎ᠠ ᠲᠡᠯᠬᠡᠬᠦᠷ ᠠᠴᠠ 50 ᠭᠠᠷᠤᠢ ᠵᠦᠢᠯ ᠤᠨ ᠵᠢᠮᠢᠰ᠂ 80 ᠭᠠᠷᠤᠢ ᠵᠦᠢᠯ ᠤᠨ ᠢᠳᠡᠰᠢᠨ ᠨᠤᠭᠤᠭ᠎ᠠ ᠶᠢ ᠲᠤᠰᠬᠠᠢ ᠲᠡᠷᠭᠡ ᠪᠠᠷ ᠲᠠᠶᠢᠹᠤᠰᠧ ᠬᠤᠰᠢᠭᠤᠨ ᠳᠤ ᠬᠦᠷᠭᠡᠵᠦ᠂ ᠲᠤᠰ ᠬᠤᠰᠢᠭᠤᠨ ᠤ ᠢ ᠶᠤᠸᠠᠨ ᠺᠤᠮᠫᠠᠨᠢ ᠨᠢ ᠵᠤᠭᠤᠷᠢᠯᠠᠵᠤ ᠬᠠᠳᠠᠭᠠᠯᠠᠬᠤ ᠪᠠ ᠪᠤᠤᠴᠠᠩ ᠪᠠᠯᠭᠠᠰᠤᠨ ᠳᠠᠬᠢ ᠪᠤᠷᠤᠯᠠᠭᠤᠯᠭ᠎ᠠ ᠶᠢᠨ ᠠᠵᠢᠯ ᠢ ᠬᠠᠷᠢᠭᠤᠴᠠᠨ᠎ᠠ᠃ ᠡᠬᠦᠨ ᠤ ᠬᠠᠮᠲᠤ ᠲᠤᠰ ᠬᠤᠰᠢᠭᠤᠨ ᠤ ᠮᠸᠢ ᠼᠦᠨ ᠢᠦ ᠭᠸᠦ ᠡᠯᠧᠺᠳ᠋ᠷᠤᠨ ᠬᠤᠳᠠᠯᠳᠤᠭᠠᠨ ᠤ ᠶᠠᠪᠤᠳᠠᠯ ᠤᠨ ᠺᠤᠮᠫᠠᠨᠢ ᠨᠢ ᠨᠤᠭᠤᠭ᠎ᠠ ᠵᠢᠮᠢᠰ ᠢ ᠰᠤᠮᠤ ᠰᠢᠶᠠᠩ ᠪᠠᠯᠭᠠᠰᠤᠨ ᠤ 124 ᠡᠯᠧᠺᠳ᠋ᠷᠤᠨ ᠬᠤᠳᠠᠯᠳᠤᠭᠠᠨ ᠤ ᠦᠢᠯᠡᠴᠢᠯᠡᠬᠡᠨ ᠤ ᠦᠷᠳᠡᠭᠡ ᠳᠤ ᠡᠳᠦᠷ ᠪᠦᠷᠢ ᠦᠨ᠎ᠡ ᠲᠦᠯᠦᠪᠦᠷᠢ ᠦᠬᠡᠢ ᠬᠦᠷᠭᠡᠵᠦ᠂ ᠬᠦᠳᠡᠭᠡ ᠲᠤᠰᠬᠤᠨ ᠤ ᠦᠢᠯᠡᠴᠢᠯᠡᠬᠡᠨ ᠤ ᠦᠷᠳᠡᠭᠡ ᠨᠢ ᠰᠦᠯᠵᠢᠶᠡᠨ ᠤ ᠵᠠᠬᠢᠶᠠᠯᠠᠭ᠎ᠠ ᠪᠤᠶᠤ ᠲᠡᠯᠬᠡᠬᠦᠷ ᠤᠨ ᠪᠤᠷᠤᠯᠠᠭᠤᠯᠭ᠎ᠠ ᠭᠡᠬᠦ ᠬᠤᠶᠠᠷ ᠠᠷᠭ᠎ᠠ ᠪᠠᠷ ᠨᠤᠭᠤᠭ᠎ᠠ ᠵᠢᠮᠢᠰ ᠢ ᠪᠤᠷᠤᠯᠠᠭᠤᠯᠤᠨ᠎ᠠ᠃ ᠡᠳᠡᠭᠡᠷ ᠨᠤᠭᠤᠭ᠎ᠠ ᠵᠢᠮᠢᠰ ᠨᠢ ᠤᠶᠢᠷ᠎ᠠ ᠬᠠᠪᠢ ᠶᠢᠨ ᠭᠠᠵᠠᠷ ᠤᠷᠤᠨ ᠤ ᠨᠤᠭᠤᠭ᠎ᠠ ᠵᠢᠮᠢᠰ ᠤᠨ ᠵᠠᠬ᠎ᠠ ᠲᠡᠯᠬᠡᠬᠦᠷ ᠠᠴᠠ ᠤᠷᠤᠭᠤᠯᠬᠤ ᠬᠠᠩᠰᠢ ᠠᠴᠠ ᠪᠦᠷ ᠲᠤᠤᠷ᠎ᠠ ᠮᠦᠷᠳᠡᠭᠡᠨ ᠲᠠᠩᠰᠠ ᠡᠪᠭᠡᠮᠠᠯ ᠲᠠᠢ ᠬᠦᠴᠢᠷᠳᠡᠯᠳᠡᠢ ᠡᠷᠦᠬᠡ ᠳᠤ ᠲᠠᠬᠢᠨᠲᠠ ᠬᠢᠮᠲᠠᠷᠠᠭᠤᠯᠤᠨ ᠬᠤᠲᠠᠯᠲᠤᠨ᠎ᠠ᠃         ᠡᠨᠡᠬᠦ ᠲᠦᠷᠦᠯ ᠵᠦᠢᠯ ᠢ ᠭᠡᠷᠡᠭᠵᠢᠬᠦᠯᠦᠭᠰᠡᠨ ᠨᠢ ᠲᠤᠰ ᠬᠤᠰᠢᠭᠤᠨ ᠤ ᠰᠠᠭᠤᠭᠠᠯᠢ ᠠᠷᠠᠳ ᠲᠤ ᠰᠢᠨ᠎ᠡ ᠰᠤᠷᠭᠤᠭ ᠮᠦᠷᠳᠡᠭᠡᠨ ᠬᠢᠮᠳᠠ ᠨᠤᠭᠤᠭ᠎ᠠ ᠵᠢᠮᠢᠰ ᠬᠠᠩᠭᠠᠭᠰᠠᠨ ᠢᠶᠠᠷ ᠪᠠᠷᠠᠬᠤ ᠦᠬᠡᠢ᠂ ᠬᠤᠳᠠ ᠪᠠᠯᠭᠠᠰᠤ ᠠᠴᠠ ᠵᠠᠶᠢᠲᠠᠭᠤ ᠮᠠᠯᠴᠢᠨ ᠲᠠᠷᠢᠶᠠᠴᠢᠨ ᠳᠤ ᠰᠢᠨ᠎ᠡ ᠰᠤᠷᠭᠤᠭ ᠵᠢᠮᠢᠰ ᠨᠤᠭᠤᠭ᠎ᠠ ᠬᠠᠨᠭ᠍ᠭᠠᠵᠥ ᠲᠡᠶᠢᠯᠬᠦ ᠪᠤᠯᠵᠠᠢ᠃ ᠢᠳᠡᠰᠢᠨ ᠨᠤᠭᠤᠭᠠᠨ ᠤ ᠵᠥᠭᠡᠭᠡᠪᠤᠷᠢ ᠶᠢᠨ ᠰᠢᠭᠤᠳ ᠲᠡᠷᠭᠡ ᠨᠢ ᠪᠡᠭᠡᠵᠢᠩ ᠤᠨ ᠨᠤᠭᠤᠭ᠎ᠠ ᠵᠢᠮᠢᠰ ᠢ ᠨᠠᠭᠠᠰᠢ ᠵᠦᠬᠡᠬᠡᠪᠦᠷᠢᠯᠡᠬᠦ ᠪᠠᠷ ᠪᠠᠷᠠᠬᠤ ᠦᠬᠡᠢ᠂ ᠪᠤᠴᠠᠬᠤ ᠥᠶ᠎ᠠ ᠳᠡᠭᠡᠨ ᠲᠠᠶᠢᠹᠤᠰᠧ ᠬᠤᠰᠢᠭᠤᠨ ᠤ ᠲᠦᠮᠦᠰᠦ᠂ ᠬᠤᠯᠢᠮᠠᠭ ᠠᠮᠤ᠂ ᠤᠯᠠᠭᠠᠨ ᠢᠳᠡᠭᠡᠨ ᠵᠡᠷᠭᠡ ᠤᠨᠴᠠᠯᠢᠭᠳᠤ ᠪᠦᠳᠦᠭᠡᠭᠳᠡᠬᠦᠨ ᠢ ᠲᠡᠭᠡᠭᠡᠪᠦᠷᠢᠯᠡᠨ ᠠᠪᠠᠴᠢᠵᠤ᠂ ᠴᠠᠩᠫᠢᠩ ᠲᠤᠭᠤᠷᠢᠭ ᠲᠤ ᠪᠠᠶᠢᠭ᠎ᠠ ᠴᠤᠸᠠᠩ ᠰᠢᠨ ᠶᠢᠨ ᠢᠤᠢ ᠢᠲᠡᠰᠢᠨ ᠨᠤᠭᠤᠭᠠᠨ ᠤ ᠲᠡᠯᠬᠡᠬᠦᠷ ᠲᠤ ᠪᠤᠷᠤᠯᠠᠭᠤᠯᠬᠤ ᠪᠤᠯᠬᠤᠷ ᠲᠤᠰ ᠬᠤᠰᠢᠭᠤᠨ ᠤ ᠮᠠᠯᠴᠢᠨ ᠲᠠᠷᠢᠶᠠᠴᠢᠨ ᠤ ᠠᠰᠢᠭ ᠤᠷᠤᠯᠭ᠎ᠠ ᠶᠢ ᠴᠤ ᠵᠤᠬᠢᠬᠤ ᠬᠡᠮᠵᠢᠶ᠎ᠡ ᠪᠠᠷ ᠨᠡᠮᠡᠭᠳᠡᠬᠦᠯᠬᠦ ᠪᠤᠯᠤᠨ᠎ᠠ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号