ᠳᠠᠯ᠎ᠠ ᠨᠤᠳᠤᠬ ᠤᠨ ᠪᠤᠬᠢᠷᠳᠤᠯ ᠦᠭᠡᠢ ᠤᠯᠠᠭᠠᠨ ᠢᠳᠡᠭᠡᠨ ᠢᠶᠠᠨ ᠳᠠᠶᠠᠩ ᠲᠤ ᠠᠯᠳᠠᠷᠰᠢᠭᠤᠯᠤᠨᠠᠮ ᠵᠡᠭᠦᠨ ᠦᠵᠦᠮᠦᠴᠢᠨ ᠬᠤᠰᠢᠭᠤ ᠦᠵᠦᠮᠦᠴᠢᠨ ᠬᠤᠨᠢᠨ ᠮᠢᠬ᠎ᠠ ᠪᠠᠨ ᠵᠡᠭᠦᠨ ᠬᠤᠶᠢᠳᠦ ᠤᠷᠤᠨ ᠤ ᠵᠠᠬ᠎ᠠ ᠳᠡᠯᠭᠡᠬᠦᠷ ᠲᠤ ᠰᠢᠭᠤᠳ ᠪᠤᠷᠤᠯᠠᠭᠤᠯᠬᠤ ᠵᠠᠮ ᠨᠡᠭᠡᠭᠡᠪᠡ
ᠨᠡᠶᠢᠲᠡᠯᠡᠭᠰᠡᠨ ᠴᠠᠭ᠄
2019/1/30
    ᠮᠠᠯ ᠤᠨ ᠠᠰᠢᠬ ᠰᠢᠮ᠎ᠠ ᠶᠢᠨ ᠪᠦᠳᠦᠭᠡᠭᠳᠡᠭᠦᠨ ᠢᠶᠠᠨ ᠵᠡᠭᠦᠨ ᠬᠤᠶᠢᠳᠦ ᠤᠷᠤᠨ ᠤ ᠶᠡᠭᠡ ᠵᠠᠬ᠎ᠠ ᠳᠡᠯᠭᠡᠬᠦᠷ ᠲᠤ ᠭᠠᠷᠭᠠᠬᠤ ᠵᠠᠮ ᠨᠡᠭᠡᠭᠡᠬᠦ ᠪᠠᠷ ᠵᠡᠭᠦᠨ ᠦᠵᠦᠮᠦᠴᠢᠨ ᠬᠤᠰᠢᠭᠤ ᠦᠢᠷ᠎ᠠ ᠳᠤ ᠬᠠᠷᠠᠮᠦ᠋ᠷᠡᠨ ᠮᠤᠵᠢ ᠶᠢᠨ ᠬᠠᠷᠪᠢᠨ ᠬᠤᠳᠠ ᠳᠤ ᠦᠵᠦᠮᠦᠴᠢᠨ ᠬᠤᠨᠢᠨ ᠮᠢᠬᠠᠨ ᠤ ᠪᠦᠳᠦᠭᠡᠭᠳᠡᠬᠦᠨ ᠢ ᠳᠠᠨᠢᠯᠴᠠᠭᠤᠯᠬᠤ ᠬᠤᠷᠠᠯ ᠵᠢᠴᠢ ᠬᠠᠷᠪᠢᠨ ᠬᠤᠳᠠ ᠳᠠᠬᠢ ᠦᠵᠦᠮᠦᠴᠢᠨ ᠬᠤᠨᠢᠨ ᠮᠢᠬᠠᠨ ᠤ ᠰᠢᠭᠤᠳ ᠪᠤᠷᠤᠯᠠᠭᠤᠯᠭ᠎ᠠ ᠶᠢᠨ ᠳᠡᠯᠭᠡᠬᠦᠷ ᠭᠠᠷᠭᠠᠵᠦ ᠫᠠᠶᠢᠰᠠ ᠡᠯᠬᠦᠬᠦ ᠶᠤᠰᠤᠯᠠᠯ ᠶᠠᠪᠤᠭᠳᠠᠭᠤᠯᠪᠠ᠃         ᠲᠤᠰ ᠠᠵᠢᠯᠯᠠᠭ᠎ᠠ ᠶᠢ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠤᠷᠳᠤᠨ ᠭᠤᠤᠯᠯᠠᠨ ᠡᠷᠬᠢᠯᠡᠵᠤ᠂ ᠰᠢᠯᠢ ᠶᠢᠨ ᠭᠤᠤᠯ ᠠᠶᠢᠮᠠᠭ ᠤᠨ ᠦᠵᠦᠮᠦᠴᠢᠨ ᠬᠤᠨᠢᠨ ᠤ ᠤᠢᠢᠯᠡᠰ ᠤᠨ ᠨᠡᠶᠢᠭᠡᠮᠯᠢᠭ᠂ ᠵᠡᠭᠦᠨ ᠦᠵᠦᠮᠦᠴᠢᠨ ᠬᠤᠰᠢᠭᠤᠨ ᠤ ᠮᠤᠩᠭᠤᠯ ᠨᠤᠳᠤᠭ ᠬᠦᠳᠡᠭᠡ ᠠᠵᠤ ᠠᠬᠤᠢ ᠶᠢᠨ ᠺᠤᠮᠫᠠᠨᠢ᠂ ᠬᠠᠷᠠᠮᠦ᠋ᠷᠡᠨ ᠮᠤᠵᠢ ᠶᠢᠨ ᠷᠧᠨ ᠵᠢᠶᠠᠨ ᠶᠡᠨ ᠾᠦᠸᠧ ᠢᠳᠡᠭᠡᠨ ᠤᠮᠳᠠᠭᠠᠨ ᠤ ᠬᠠᠮᠢᠶᠠᠷᠤᠯᠳᠠ ᠶᠢᠨ ᠬᠢᠵᠠᠭᠠᠷᠳᠦ ᠺᠤᠮᠫᠠᠨᠢ᠂ ᠬᠠᠷᠠᠮᠦ᠋ᠷᠡᠨ ᠮᠤᠵᠢ ᠶᠢᠨ ᠵᠢᠶᠡᠩ ᠦ᠋ ᠲᠠᠩ ᠢᠳᠡᠭᠡᠨ ᠤᠮᠳᠠᠭᠠᠨ ᠤ ᠬᠤᠯᠪᠤᠭᠠᠯᠠᠯ ᠬᠠᠮᠳᠤᠷᠠᠨ ᠳᠠᠭᠠᠭᠠᠴᠢᠯᠠᠨ ᠡᠷᠬᠢᠯᠡᠵᠤ᠂ ᠬᠠᠷᠠᠮᠦ᠋ᠷᠡᠨ ᠮᠤᠵᠢ ᠶᠢᠨ ᠡᠯ᠎ᠠ ᠶᠡᠭᠡ ᠬᠤᠭᠤᠯᠠᠨ ᠭᠡᠷ ᠤᠨ ᠡᠵᠡᠨᠳᠡᠨ ᠪᠠ ᠬᠠᠷᠪᠢᠨ ᠬᠤᠳᠠ ᠶᠢᠨ ᠭᠡᠷᠡᠭᠯᠡᠭᠴᠢᠳ 300 ᠭᠠᠷᠤᠢ ᠬᠦᠮᠦᠨ ᠠᠬᠤᠢ ᠳᠠᠯᠠᠪᠠᠢ ᠳᠤ ᠬᠦᠷᠴᠤ ᠬᠤᠷᠠᠯ ᠳᠤ ᠤᠷᠤᠯᠴᠠᠬᠤ ᠶᠢᠨ ᠳᠠᠭᠠᠤ ᠦᠵᠦᠮᠦᠴᠢᠨ ᠬᠤᠨᠢᠨ ᠮᠢᠬ᠎ᠠ ᠶᠢ ᠠᠮᠳᠠᠯᠠᠵᠤ ᠦᠵᠡᠪᠡ᠃         ᠠᠵᠢᠯᠯᠠᠭ᠎ᠠ ᠳᠡᠭᠡᠷ᠎ᠠ ᠵᠡᠭᠦᠨ ᠦᠵᠦᠮᠦᠴᠢᠨ ᠬᠤᠰᠢᠭᠤᠨ ᠤ ᠳᠡᠳ᠋ ᠳᠠᠷᠤᠭ᠎ᠠ ᠬᠠᠢ ᠪᠤᠤ ᠬᠤᠰᠢᠭᠤ ᠨᠤᠳᠤᠭ ᠤᠨ ᠢᠶᠠᠨ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠪᠠᠶᠢᠳᠠᠯ ᠵᠢᠴᠢ ᠪᠡᠯᠴᠢᠭᠡᠷ ᠤᠨ ᠮᠠᠯ ᠠᠵᠤ ᠠᠬᠤᠢ ᠶᠢᠨ ᠬᠦᠭᠵᠢᠯᠳᠡ ᠶᠢᠨ ᠪᠠᠶᠢᠳᠠᠯ ᠢᠶᠠᠨ ᠲᠠᠨᠢᠯᠴᠠᠭᠤᠯᠵᠤ᠂ ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶᠠᠨ ᠤ ᠬᠠᠷᠢᠭᠤᠴᠠᠯᠭᠠᠳᠠᠨ ᠠᠴᠠ ᠦᠵᠦᠮᠦᠴᠢᠨ ᠬᠤᠨᠢᠨ ᠤ ᠮᠦᠷᠳᠡᠨ ᠨᠡᠭᠡᠮᠵᠢᠯᠡᠬᠦ ᠰᠢᠰᠲ᠋ᠧᠮ ᠤᠨ ᠢᠨᠵᠧᠨᠧᠷᠢᠩ ᠢ ᠲᠠᠨᠢᠯᠴᠠᠭᠤᠯᠤᠨ᠂ ᠦᠵᠦᠮᠦᠴᠢᠨ ᠬᠤᠨᠢᠨ ᠤ ᠤᠢᠢᠯᠡᠰ ᠤᠨ ᠨᠡᠶᠢᠭᠡᠮᠯᠢᠭ ᠤᠨ ᠳᠠᠷᠤᠭ᠎ᠠ ᠪᠤᠶ᠋ᠬᠠᠨᠷᠪᠢᠵᠢᠬᠤ ᠦᠵᠦᠮᠦᠴᠢᠨ ᠡᠭᠦᠯᠳᠡᠷ ᠤᠨ ᠬᠤᠨᠢᠨ ᠤ ᠲᠤᠬᠠᠢ ᠨᠠᠷᠢᠨ ᠳᠠᠶᠢᠯᠪᠤᠷᠢᠯᠠᠪᠠ᠃ ᠲᠤᠰ ᠤᠳᠠᠭ᠎ᠠ ᠪᠠᠰᠠ ᠰᠢᠯᠢ ᠶᠢᠨ ᠭᠤᠤᠯ ᠠᠶᠢᠮᠠᠭ ᠤᠨ ᠦᠵᠦᠮᠦᠴᠢᠨ ᠬᠤᠨᠢᠨ ᠤ ᠤᠢᠢᠯᠡᠰ ᠤᠨ ᠨᠡᠶᠢᠭᠡᠮᠯᠢᠭ ᠤᠨ ᠵᠡᠭᠦᠨ ᠦᠵᠦᠮᠦᠴᠢᠨ ᠬᠤᠰᠢᠭᠤᠨ ᠤ ᠮᠤᠩᠭᠤᠯ ᠨᠤᠳᠤᠭ ᠬᠦᠳᠡᠭᠡ ᠠᠵᠤ ᠠᠬᠤᠢ ᠶᠢᠨ ᠬᠢᠵᠠᠭᠠᠷᠳᠦ ᠺᠤᠮᠫᠠᠨᠢ ᠬᠠᠷᠠᠮᠦ᠋ᠷᠡᠨ ᠮᠤᠵᠢ ᠶᠢᠨ ᠷᠧᠨ ᠵᠢᠶᠠᠨ ᠶᠠᠨ ᠾᠦᠸᠧ ᠢᠳᠡᠭᠡᠨ ᠤᠮᠳᠠᠭᠠᠨ ᠤ ᠬᠠᠮᠢᠶᠠᠷᠤᠯᠳᠠ ᠶᠢᠨ ᠬᠢᠵᠠᠭᠠᠷᠳᠦ ᠺᠤᠮᠫᠠᠨᠢ ᠲᠠᠢ ᠡᠨᠡ ᠵᠢᠯ 240 ᠲᠤᠨ ᠦᠵᠦᠮᠦᠴᠢᠨ ᠬᠤᠨᠢᠨ ᠮᠢᠬᠠᠨ ᠤ ᠪᠤᠷᠤᠯᠠᠭᠤᠯᠭ᠎ᠠ ᠶᠢᠨ ᠭᠡᠷ᠎ᠠ ᠲᠤᠭᠳᠠᠪᠠ᠃ ᠤᠳᠤᠬᠠᠨ ᠲᠤᠰ ᠬᠤᠰᠢᠭᠤ ᠦᠵᠦᠮᠦᠴᠢᠨ ᠬᠤᠨᠢᠨ ᠤ ᠤᠢᠢᠯᠡᠰ ᠤᠨ ᠨᠡᠶᠢᠭᠡᠮᠯᠢᠭ ᠢᠶᠠᠷ ᠳᠠᠮᠵᠢᠨ ᠬᠠᠷᠪᠢᠨ ᠬᠤᠳᠠ ᠳᠤ ︽ᠲᠠᠯ᠎ᠠ ᠶᠢᠨ ᠬᠠᠨ︾ ᠦᠵᠦᠮᠦᠴᠢᠨ ᠬᠤᠨᠢᠨ ᠮᠢᠬ᠎ᠠ ᠶᠢ ᠰᠢᠭᠤᠳ ᠪᠤᠷᠤᠯᠠᠭᠤᠯᠬᠤ 8 ᠳᠡᠯᠭᠡᠬᠦᠷ᠂ 2 ᠬᠤᠭᠤᠯᠠᠨ ᠭᠡᠷ ᠲᠠᠢ ᠪᠤᠯᠵᠤ᠂ ᠡᠨᠡ ᠵᠢᠯ 30 ᠪᠤᠯᠭᠠᠨ ᠨᠡᠮᠡᠭᠳᠡᠬᠦᠯᠬᠦ ᠪᠠᠷ ᠪᠠᠶᠢᠯ᠎ᠠ᠃ ︽ᠵᠡᠭᠦᠨ ᠬᠤᠶᠢᠳᠦ ᠶᠢᠨ ᠢᠳᠡᠭᠡᠨ ᠤᠮᠳᠠᠭᠠᠨ ᠤ ᠵᠠᠬ᠎ᠠ ᠳᠡᠯᠭᠡᠬᠦᠷ ᠲᠤ ᠦᠵᠦᠮᠦᠴᠢᠨ ᠬᠤᠨᠢᠨ ᠮᠢᠬ᠎ᠠ ᠪᠠᠨ ᠭᠠᠷᠭᠠᠬᠤ ᠪᠤᠯᠤᠭᠰᠠᠨ ᠨᠢ ᠪᠢᠳᠡᠨ ᠳᠤ ᠶᠡᠭᠡ ᠠᠰᠢᠭ ᠲᠠᠢ ᠪᠤᠯᠵᠤ ᠪᠠᠶᠢᠨ᠎ᠠ᠃ ᠤᠴᠢᠷ ᠨᠢ ᠠᠳᠡᠬᠢ ᠭᠡᠷᠡᠭᠯᠡᠭᠴᠢᠳ ᠤᠨ ᠢᠳᠡᠭᠡᠨ ᠤᠮᠳᠠᠭᠠᠨ ᠤ ᠵᠠᠩᠰᠢᠯ ᠮᠠᠨ ᠤ ᠰᠢᠯᠢ ᠶᠢᠨ ᠭᠤᠤᠯ ᠤᠨ ᠬᠢ ᠲᠠᠢ ᠳᠠᠮᠠᠢ ᠢᠯᠭᠠᠭ᠎ᠠ ᠦᠭᠡᠢ ᠪᠠᠶᠢᠵᠤ᠂ ᠵᠢᠯ ᠤᠨ ᠲᠦᠷᠪᠡᠨ ᠤᠯᠠᠷᠢᠯ ᠬᠤᠨᠢᠨ ᠮᠢᠬ᠎ᠠ ᠢᠳᠡᠳᠡᠭ ᠪᠠᠶᠢᠨ᠎ᠠ᠃ ᠡᠶᠢᠮᠤ ᠠᠴᠠ ᠪᠢᠳᠡ ᠡᠨᠡ ᠵᠠᠬ᠎ᠠ ᠳᠡᠯᠭᠡᠬᠦᠷ ᠲᠤ ᠦᠵᠦᠮᠦᠴᠢᠨ ᠬᠤᠨᠢᠨ ᠮᠢᠬ᠎ᠠ ᠪᠠᠨ ᠲᠠᠨᠢᠯᠴᠠᠭᠤᠯᠵᠤ ᠪᠠᠶᠢᠭ᠎ᠠ ᠶᠢᠨ ᠡᠴᠤᠰ ᠤᠨ ᠵᠤᠷᠢᠯᠭ᠎ᠠ ᠪᠤᠯ ᠮᠠᠯᠴᠢᠳ ᠤᠨ ᠢᠶᠠᠨ ᠮᠠᠯ ᠠᠵᠤ ᠠᠬᠤᠢ ᠶᠢᠨ ᠤᠷᠤᠯᠭ᠎ᠠ ᠶᠢ ᠨᠡᠮᠡᠭᠳᠡᠬᠦᠯᠬᠦ ᠳᠤ ᠤᠢᠢᠯᠡᠴᠢᠯᠡᠵᠤ ᠪᠠᠶᠢᠭ᠎ᠠ ᠭᠡᠷᠡᠭ︾ ᠭᠡᠮᠡᠨ ᠵᠡᠭᠦᠨ ᠦᠵᠦᠮᠦᠴᠢᠨ ᠬᠤᠰᠢᠭᠤᠨ ᠤ ᠮᠠᠯ ᠤᠨ ᠠᠰᠢᠭ ᠰᠢᠮ᠎ᠠ ᠶᠢᠨ ᠪᠦᠳᠦᠭᠡᠭᠳᠡᠬᠦᠨ ᠤ ᠠᠯᠪᠠᠨ ᠭᠡᠷ ᠤᠨ ᠡᠷᠬᠢᠯᠡᠭᠴᠢ ᠴᠡᠩᠭᠡᠯᠳᠦ ᠶᠠᠷᠢᠵᠤ ᠪᠠᠶᠢᠯ᠎ᠠ᠃         ᠦᠵᠦᠮᠦᠴᠢᠨ ᠬᠤᠨᠢᠨ ᠤ ᠤᠢᠢᠯᠡᠰ ᠤᠨ ᠨᠡᠶᠢᠭᠡᠮᠯᠢᠭ ᠪᠠᠶᠢᠭᠤᠯᠤᠭᠳᠠᠭᠠᠳ ᠭᠤᠷᠪᠠᠨ ᠵᠢᠯ ᠪᠤᠯᠵᠤ ᠪᠠᠶᠢᠨ᠎ᠠ᠃ ᠤᠳᠤ ᠬᠤᠶᠠᠷ ᠦᠵᠦᠮᠦᠴᠢᠨ᠂ ᠰᠢᠯᠢ ᠶᠢᠨ ᠬᠤᠳᠠ᠂ ᠠᠪᠠᠭ᠎ᠠ ᠬᠤᠰᠢᠭᠤᠨ ᠤ 4000 ᠭᠠᠷᠤᠢ ᠮᠠᠯᠴᠢᠨ ᠡᠷᠦᠬᠡ ᠨᠡᠶᠢᠭᠡᠮᠯᠢᠭ ᠢᠶᠠᠷ ᠳᠠᠮᠵᠢᠨ ᠮᠠᠯ ᠢᠶᠠᠨ ᠪᠤᠷᠤᠯᠠᠭᠤᠯᠬᠤ ᠪᠤᠯᠤᠭᠰᠠᠨ ᠪᠦᠭᠡᠳ ᠡᠨᠡ ᠵᠢᠯ ᠠᠴᠠ ᠨᠡᠶᠢᠭᠡᠮᠯᠢᠭ ᠤᠨ ᠲᠠᠯ ᠎ᠠ ᠠᠴᠠ ᠦᠵᠦᠮᠦᠴᠢᠨ ᠬᠤᠨᠢᠨ ᠮᠢᠬᠠᠨ ᠤ ᠪᠤᠷᠤᠯᠠᠭᠤᠯᠭ᠎ᠠ ᠶᠢᠨ ᠶᠡᠭᠡ ᠵᠠᠬ᠎ᠠ ᠳᠡᠯᠭᠡᠬᠦᠷ ᠢ ᠬᠠᠶᠢᠨ ᠢᠯᠡᠷᠡᠬᠦᠯᠬᠦ ᠳᠡᠭᠡᠷ᠎ᠠ ᠠᠵᠢᠯᠯᠠᠵᠤ ᠡᠬᠢᠯᠡᠨ᠂ ᠮᠠᠯᠴᠢᠳ ᠤᠨ ᠮᠠᠯ ᠤᠨ ᠮᠢᠬ᠎ᠠ ᠶᠢ ᠰᠢᠭᠤᠳ ᠭᠡᠷᠡᠭᠯᠡᠭᠴᠢᠳ ᠤᠨ ᠭᠠᠷ ᠲᠤ ᠬᠦᠷᠭᠡᠨ ᠠᠰᠢᠭ ᠬᠦᠷᠳᠡᠬᠡᠬᠦ ᠪᠠᠷ ᠪᠠᠶᠢᠨ᠎ᠠ᠃ ︽ᠮᠠᠨ ᠤ ᠨᠡᠶᠢᠭᠡᠮᠯᠢᠭ ᠵᠡᠭᠦᠨ ᠦᠵᠦᠮᠦᠴᠢᠨ ᠬᠤᠰᠢᠭᠤᠨ ᠤ ᠮᠤᠩᠭᠤᠯ ᠨᠤᠳᠤᠭ ᠬᠦᠳᠡᠭᠡ ᠠᠵᠤ ᠠᠬᠤᠢ ᠶᠢᠨ ᠬᠢᠵᠠᠭᠠᠷᠳᠦ ᠺᠤᠮᠫᠠᠨᠢ ᠪᠠᠷ ᠳᠠᠮᠵᠢᠨ ᠬᠠᠷᠠᠮᠦ᠋ᠷᠡᠨ ᠮᠤᠵᠢ ᠶᠢᠨ ᠵᠢᠶᠡᠩ ᠦ᠋ ᠲᠠᠩ ᠢᠳᠡᠭᠡᠨ ᠤᠮᠳᠠᠭᠠᠨ ᠤ ᠬᠤᠯᠪᠤᠭᠠᠯᠠᠯ ᠲᠠᠢ ᠬᠠᠮᠳᠤᠷᠠᠠ ᠠᠵᠢᠯᠯᠠᠬᠤ ᠭᠡᠷ᠎ᠠ ᠲᠤᠭᠳᠠᠭᠰᠠᠨ ᠶᠠᠪᠤᠳᠠᠯ ᠪᠤᠯ ᠮᠠᠨ ᠤ ᠨᠡᠶᠢᠭᠡᠮᠯᠢᠭ ᠤᠨ ᠦᠵᠦᠮᠦᠴᠢᠨ ᠬᠤᠨᠢᠨ ᠤ ᠪᠤᠷᠤᠯᠠᠭᠤᠯᠭ᠎ᠠ ᠪᠠ ᠦᠨ᠎ᠠ ᠬᠠᠩᠰᠢ ᠶᠢᠨ ᠲᠤᠭᠳᠠᠪᠤᠷᠢᠳᠦ ᠴᠢᠨᠡᠷ ᠢ ᠪᠠᠳᠤᠯᠠᠬᠤ ᠴᠢᠬᠤᠯᠠ ᠠᠷᠭ᠎ᠠ ᠪᠤᠯᠤᠨ᠎ᠠ᠃ ᠬᠤᠵᠢᠮ ᠳᠠᠭᠠᠨ ᠡᠨᠡ ᠵᠠᠮ ᠢᠶᠠᠨ ᠤᠯᠠᠮ ᠦᠷᠭᠡᠵᠢᠬᠦᠯᠵᠤ᠂ ᠨᠡᠩ ᠶᠡᠭᠡ ᠬᠡᠮᠵᠢᠶᠠᠨ ᠤ ᠮᠢᠬ᠎ᠠ ᠶᠢ ᠡᠨᠡ ᠵᠠᠬ᠎ᠠ ᠳᠡᠯᠭᠡᠬᠦᠷ ᠲᠤ ᠭᠠᠷᠭᠠᠬᠤ ᠪᠠᠷ ᠲᠦᠯᠦᠪᠯᠡᠵᠤ ᠪᠠᠶᠢᠨ᠎ᠠ︾ ᠭᠡᠵᠤ ᠦᠵᠦᠮᠦᠴᠢᠨ ᠬᠤᠨᠢᠨ ᠤ ᠤᠢᠢᠯᠡᠰ ᠤᠨ ᠨᠡᠶᠢᠭᠡᠮᠯᠢᠭ ᠤᠨ ᠳᠠᠷᠤᠭ᠎ᠠ ᠪᠤᠶ᠋ᠬᠠᠨᠷᠪᠢᠵᠢᠬᠤ ᠶᠠᠷᠢᠨ᠎ᠠ ᠪᠢᠯᠡ᠃
 
ᠢᠷᠡᠯᠲᠡ᠄ ᠰᠢᠯᠢ ᠶᠢᠨ ᠭᠤᠣᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号