ᠪᠦᠬᠦ ᠤᠷᠤᠨ ᠤ ᠭᠤᠷᠪᠠᠳᠤᠭᠠᠷ ᠬᠤᠭᠤᠴᠠᠭᠠᠨ ᠤ ︽ᠦᠪᠦᠷ ᠮᠤᠩᠭᠤᠯ︾ ᠬᠤᠨᠳᠠᠭᠠᠳᠤ ᠮᠤᠩᠭᠤᠯ ᠪᠦᠬᠡ ᠎ ᠶᠢᠨ ᠪᠠᠷᠢᠯᠳᠤᠭᠠᠨ ᠰᠢᠯᠢ ᠶᠢᠨ ᠬᠤᠳᠠ ᠳᠤ ᠡᠬᠢᠯᠡᠭᠰᠡᠨ
ᠨᠡᠶᠢᠲᠡᠯᠡᠭᠰᠡᠨ ᠴᠠᠭ᠄
2019/10/24
     
   
          ᠰᠢᠯᠢ ᠶᠢᠨ ᠭᠤᠤᠯ ᠠᠵᠢᠯ ᠮᠡᠷᠬᠡᠵᠢᠯ ᠤᠨ ᠳᠡᠬᠡᠳᠦ ᠰᠣᠷᠭᠠᠭᠤᠯᠢ᠂ ᠰᠢᠯᠢ ᠶᠢᠨ ᠭᠤᠤᠯ ᠮᠠᠯᠴᠢᠨ ᠲᠠᠷᠢᠶᠠᠴᠢᠤᠨ ᠎ ᠤᠨ ᠪᠡᠶ᠎ᠡ ᠶᠢᠨ ᠳᠠᠮᠢᠷ ᠤᠨ ᠨᠡᠶᠢᠬᠡᠮᠯᠢᠭ ᠠᠴᠠ ᠭᠤᠤᠯᠯᠠᠨ ᠡᠷᠬᠢᠯᠡᠵᠦ᠂ ᠤᠯᠠᠨ ᠤᠯᠤᠰ ᠤᠨ ᠪᠦᠬᠡ ᠶᠢᠨ ᠰᠤᠷᠢᠶᠠᠨ ᠎ ᠤ ᠰᠠᠭᠤᠷᠢᠨ ᠭᠠᠵᠠᠷ᠂ ᠳᠤᠮᠳᠠᠳᠤ ᠤᠯᠤᠰ ᠤᠨ ᠴᠦᠬᠡᠨ ᠳᠤᠭᠠᠳᠤ ᠦᠨᠳᠦᠰᠦᠳᠡᠨ ᠤ ᠪᠡᠶ᠎ᠡ ᠶᠢᠨ ᠳᠠᠮᠢᠷ ᠤᠨ ᠨᠡᠶᠢᠬᠡᠮᠯᠢᠭ ᠤᠨ ᠪᠦᠭᠡ ᠶᠢᠨ ᠰᠤᠳᠤᠯᠭᠠᠨ ᠤ ᠲᠦᠪ ᠠᠴᠠ ᠳᠠᠭᠠᠭᠠᠴᠢᠯᠠᠨ ᠡᠷᠬᠢᠯᠡᠭᠰᠡᠨ ᠪᠦᠬᠦ ᠤᠷᠤᠨ ᠤ ᠭᠤᠷᠪᠠᠳᠤᠭᠠᠷ ᠬᠤᠭᠤᠴᠠᠭᠠᠨ ᠤ ︽ᠦᠪᠦᠷ ᠮᠤᠩᠭᠤᠯ︾ ᠬᠤᠨᠳᠠᠭᠠᠳᠤ ᠮᠤᠩᠭᠤᠯ ᠪᠦᠬᠡ ᠶᠢᠨ ᠪᠠᠷᠢᠯᠳᠤᠭᠠᠨ 10 ᠳ᠋ᠤᠭᠠᠷ ᠰᠠᠷ᠎ᠠ ᠶᠢᠨ 22᠎ ᠤ ᠡᠳᠦᠷ᠂ ᠰᠢᠯᠢ ᠶᠢᠨ ᠭᠤᠤᠯ ᠠᠵᠢᠯ ᠮᠡᠷᠬᠡᠵᠢᠯ ᠤᠨ ᠳᠡᠬᠡᠳᠦ ᠰᠣᠷᠭᠠᠭᠤᠯᠢ ᠳᠤ ᠡᠬᠢᠯᠡᠭᠰᠡᠨ ᠪᠠᠶᠢᠨ᠎ᠠ᠃     ᠪᠦᠬᠦ ᠤᠷᠤᠨ ᠤ ᠭᠤᠷᠪᠠᠳᠤᠭᠠᠷ ᠬᠤᠭᠤᠴᠠᠭᠠᠨ ᠤ ︽ᠦᠪᠦᠷ ᠮᠤᠩᠭᠤᠯ︾ ᠬᠤᠨᠳᠠᠭᠠᠳᠤ ᠮᠤᠩᠭᠤᠯ ᠪᠦᠬᠡ ᠎ ᠶᠢᠨ ᠪᠠᠷᠢᠯᠳᠤᠭᠠᠨ ᠳᠤ ᠬᠦᠬᠡᠬᠤᠳᠠ᠂ ᠤᠷᠳᠤᠰ᠂ ᠬᠦᠯᠦᠨ ᠪᠤᠶᠢᠷ ᠵᠡᠷᠬᠡ ᠪᠦᠬᠦ ᠤᠷᠤᠨ ᠤ 17 ᠲᠦᠯᠦᠬᠡᠯᠡᠭᠴᠢ ᠎ ᠶᠢᠨ ᠳᠤᠭᠤᠶᠢᠯᠠᠩ ᠤᠨ ᠵᠠᠭᠤᠭᠠᠤᠨ ᠨᠡᠷ᠎ᠡ ᠪᠦᠬᠡᠴᠢᠤᠨ ᠤᠷᠤᠯᠴᠠᠵᠠᠢ᠃ ᠤᠷᠤᠯᠳᠤᠭᠠᠨ ᠢ ᠡᠷᠡᠭᠳᠡᠢ ᠡᠮᠡᠭᠳᠡᠢ ᠶᠢᠨ ᠬᠤᠪᠢ ᠬᠦᠮᠦᠨ ᠤ ᠪᠠᠷᠢᠯᠳᠤᠭᠠᠨ ᠪᠤᠯᠤᠨ ᠡᠷᠡᠭᠳᠡᠢ ᠡᠮᠡᠭᠳᠡᠢ ᠶᠢᠨ ᠬᠠᠮᠳᠤ ᠨᠢᠬᠡᠴᠡ ᠶᠢᠨ ᠪᠠᠷᠢᠯᠳᠤᠭᠠᠨ ᠬᠡᠵᠦ ᠬᠤᠪᠢᠶᠠᠨ ᠶᠠᠪᠤᠭᠳᠠᠭᠤᠯᠵᠤ᠂ ᠬᠠᠮᠳᠤ ᠨᠢᠬᠡᠴᠡ ᠶᠢᠨ ᠪᠠᠷᠢᠯᠳᠤᠭᠠᠨ ᠢ ᠭᠤᠷᠪᠠᠨ ᠬᠦᠮᠦᠨ ᠤ ᠡᠬᠡᠯᠵᠢᠳᠦ ᠤᠷᠤᠯᠳᠤᠭᠠᠨ ᠤ ᠲᠦᠷᠢᠮ ᠢᠶᠠᠷ ᠶᠠᠪᠤᠭᠳᠠᠭᠤᠯᠵᠤ᠂ ᠬᠤᠪᠢ ᠬᠦᠮᠦᠨ ᠤ ᠪᠠᠷᠢᠯᠳᠤᠭᠠᠨ ᠢ ᠬᠤᠶᠠᠷ ᠱᠠᠳᠤ ᠬᠤᠪᠢᠶᠠᠨ ᠶᠠᠪᠤᠭᠳᠠᠭᠤᠯᠤᠨ᠂ 2005 ᠤᠨ ᠳᠤ ᠦᠪᠡᠷᠲᠡᠬᠡᠨ ᠵᠠᠰᠠᠬᠤ ᠤᠷᠤᠨ ᠤ ᠪᠡᠶ᠎ᠡ ᠶᠢᠨ ᠳᠠᠮᠢᠷ ᠤᠨ ᠳᠤᠪᠴᠢᠶ᠎ᠠ ᠠᠴᠠ ᠬᠢᠨᠠᠨ ᠳᠤᠭᠳᠠᠭᠠᠭᠰᠠᠨ ︽ᠪᠦᠬᠡ ᠶᠢᠨ ᠪᠠᠷᠢᠯᠳᠤᠭᠠᠨ ᠤ ᠲᠦᠷᠢᠮ︾᠎ ᠢ ᠬᠡᠷᠡᠭᠯᠡᠬᠦ ᠪᠠᠷ ᠪᠠᠶᠢᠨ᠎ᠠ᠃     ᠤᠷᠤᠯᠳᠤᠭᠠᠨ ᠨᠢ 10 ᠳ᠋ᠤᠭᠠᠷ ᠰᠠᠷ᠎ᠠ ᠶᠢᠨ  22᠎ ᠤ ᠡᠳᠦᠷ  ᠎ ᠠᠴᠠ 23᠎ ᠤ ᠡᠳᠦᠷ ᠪᠤᠯᠳᠠᠯ᠎ᠠ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠳᠡᠬᠡᠳᠤ 16 ᠨᠡᠷ᠎ᠡ ᠳᠤ ᠤᠷᠤᠨ ᠤ ᠳᠡᠰ ᠤᠨ ᠪᠦᠬᠡ ᠶᠢᠨ ᠴᠤᠯᠠ ᠬᠦᠷᠲᠡᠬᠡᠬᠦ ᠶᠢᠨ ᠬᠠᠮᠳᠤ ᠪᠦᠬᠡᠴᠢᠤᠨ ᠤᠨ ᠤᠷ᠎ᠠ ᠤᠬᠠᠭᠠᠨ᠂ ᠬᠦᠴᠦ ᠴᠢᠳᠠᠯ ᠳᠠᠩᠴᠡᠭᠰᠡᠨ ᠤᠷᠠᠨ ᠪᠠᠷᠢᠯᠳᠤᠭᠠᠨ ᠎ ᠢᠶᠠᠷ ᠳᠠᠮᠵᠢᠭᠤᠯᠤᠨ ᠮᠤᠩᠭᠤᠯ ᠪᠦᠬᠡ ᠶᠢᠨ ᠭᠠᠶᠢᠬᠠᠮᠰᠢᠭ ᠢ ᠤᠯᠠᠨ ᠳᠤ ᠬᠠᠷᠠᠭᠤᠯᠵᠤ᠂ ᠮᠤᠩᠭᠤᠯ ᠪᠦᠬᠡ ᠶᠢᠨ ᠰᠤᠶᠤᠯ ᠢ ᠤᠯᠠᠮᠵᠢᠯᠠᠨ ᠳᠡᠯᠬᠡᠷᠡᠬᠦᠯᠬᠦ ᠪᠠᠷ ᠴᠢᠷᠮᠠᠶᠢᠬᠤ ᠪᠤᠯᠤᠨ᠎ᠠ᠃
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠤᠨ ᠮᠣᠩᠭᠤᠯ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号