ᠪᠦᠬᠦ ᠠᠶᠢᠮᠠᠭ ᠤᠨ ᠭᠡᠷ ᠪᠦᠯᠢ ᠶᠢᠨ ᠰᠤᠷᠭᠠᠨ ᠬᠥᠮᠦᠵᠢᠯ ᠤᠨ ᠠᠵᠢᠯᠳᠠᠳ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠵᠢᠴᠢ ᠰᠢᠯᠢ ᠶᠢᠨ ᠭᠤᠤᠯ ᠠᠶᠢᠮᠠᠭ ᠤᠨ ᠡᠮᠡᠭᠳᠡᠶᠢᠴᠤᠳ ᠪᠠᠭᠠᠴᠤᠳ ᠤᠨ ᠬᠦᠳᠡᠯᠭᠡᠭᠡᠨ ᠤ ᠲᠥᠪ ᠤᠨ ᠠᠰᠢᠭᠯᠠᠯᠳᠠ ᠳᠤ ᠤᠷᠤᠬᠤ ᠶᠣᠰᠣᠯᠠᠯ ᠰᠢᠯᠢ ᠶᠢᠨ ᠬᠤᠲᠠ ᠳᠤ  ᠶᠠᠪᠤᠭᠳᠠᠭᠰᠠᠨ
ᠨᠡᠶᠢᠲᠡᠯᠡᠭᠰᠡᠨ ᠴᠠᠭ᠄
2019/10/25
   ᠪᠦᠬᠦ ᠠᠶᠢᠮᠠᠭ ᠤᠨ ᠭᠡᠷ ᠪᠦᠯᠢ ᠶᠢᠨ  ᠰᠤᠷᠭᠠᠨ ᠬᠥᠮᠦᠵᠢᠯ ᠤᠨ ᠠᠵᠢᠯᠳᠠᠳ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ  ᠵᠢᠴᠢ ᠰᠢᠯᠢ ᠶᠢᠨ ᠭᠤᠤᠯ ᠠᠶᠢᠮᠠᠭ ᠤᠨ ᠡᠮᠡᠭᠳᠡᠶᠢᠴᠤᠳ  ᠪᠠᠭᠠᠴᠤᠳ ᠤᠨ ᠬᠦᠳᠡᠯᠭᠡᠭᠡᠨ ᠤ ᠲᠥᠪ  ᠎ ᠤᠨ ᠠᠰᠢᠭᠯᠠᠯᠳᠠ ᠳᠤ ᠤᠷᠤᠬᠤ ᠶᠣᠰᠣᠯᠠᠯ ᠰᠢᠯᠢ ᠎ ᠶᠢᠨ ᠬᠤᠲᠠ ᠳᠤ  ᠶᠠᠪᠤᠭᠳᠠᠭᠰᠠᠨ ᠪᠠᠶᠢᠨ᠎ᠠ᠂ ᠥᠪᠡᠷᠲᠡᠭᠡᠨ ᠵᠠᠰᠠᠬᠤ ᠣᠷᠣᠨ ᠤ  ᠡᠮᠡᠭᠳᠡᠶᠢᠴᠤᠳ ᠤᠨ ᠬᠤᠯᠪᠤᠭᠠᠳᠤ ᠬᠤᠷᠠᠯ ᠎ ᠤᠨ ᠳᠡᠳ᠋ ᠲᠡᠷᠢᠭᠦᠯᠡᠭᠴᠢ ᠭᠦᠸᠧ ᠵᠢᠩ ᠯᠢ ᠶᠣᠰᠣᠯᠠᠯ ᠳᠤ ᠣᠷᠣᠯᠴᠠᠵᠤ᠂ ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂  ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ  ᠪᠣᠣ ᠭᠦᠸᠧ ᠴᠢᠤᠸᠠᠨ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠵᠠᠶ᠃   ᠪᠣᠣ ᠭᠥᠸᠧ ᠴᠢᠤᠸᠠᠨ ᠱᠠᠭᠠᠷᠳᠠᠭᠰᠠᠨ ᠨᠢ᠂ ᠡᠯ᠎ᠡ ᠱᠠᠲᠤᠨ ᠤ  ᠡᠮᠡᠭᠳᠡᠶᠢᠴᠤᠳ ᠤᠨ ᠬᠤᠯᠪᠤᠭᠠᠳᠤ ᠬᠤᠷᠠᠯ ᠤᠨ ᠵᠣᠬᠢᠶᠠᠨ ᠪᠠᠶᠢᠭᠤᠯᠣᠯᠳᠠ ᠪᠣᠯᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠵᠢᠴᠢ ᠥᠷᠭᠡᠨ ᠣᠯᠠᠨ ᠭᠡᠷ ᠪᠦᠯᠢ ᠶᠢᠨ  ᠰᠤᠷᠭᠠᠨ ᠬᠥᠮᠦᠵᠢᠯ ᠤᠨ ᠠᠵᠢᠯᠲᠠᠳ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠬᠠᠮᠰᠠᠷ ᠎ ᠠᠴᠠ ᠪᠠᠨ ᠶᠡᠷᠦᠩᠬᠡᠶ ᠱᠦᠵᠢ ᠰᠢ ᠶᠢᠨ ᠫᠢᠩ ᠤᠨ ᠭᠡᠷ ᠪᠦᠯᠢ ᠶᠢᠨ ᠰᠤᠷᠭᠠᠨ ᠬᠥᠮᠦᠵᠢᠯ ᠤᠨ ᠠᠵᠢᠯ  ᠎ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠭᠡᠷ ᠪᠦᠯᠢ ᠶᠢᠨ ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠬᠦ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ  ᠳᠡᠭᠡᠭᠰᠢᠯᠡᠭᠦᠯᠭᠦ ᠬᠡᠷᠡᠭᠲᠡᠶ︔ ᠬᠠᠮᠢᠶᠠᠷᠤᠯᠳᠠ ᠶᠢᠨ ᠲᠤᠭᠳᠠᠴᠠ  ᠎ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠢᠯ ᠎ ᠤᠨ  ᠬᠠᠮᠳᠤᠷᠠᠭᠰᠠᠨ‌‍ᠬᠦ᠋ᠴᠦᠨ ᠪᠦᠷᠢᠯᠳᠦᠭᠦᠯᠵᠦ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠂ ᠡᠯ᠎ᠡ ᠲᠠᠯ᠎ᠠ ᠶᠢᠨ ᠬᠦᠴᠦᠨ ᠢ ᠥᠷᠭᠡᠨ ᠳᠡᠯᠭᠡᠷ  ᠤᠷᠤᠯᠴᠠᠭᠤᠯᠤᠭᠰᠠᠨ ᠭᠡᠷ ᠪᠦᠯᠢ ᠶᠢᠨ ᠰᠤᠷᠭᠠᠨ ᠬᠥᠮᠦᠵᠢᠯ ᠤᠨ ᠰᠢᠨ᠎ᠡ ᠵᠠᠭᠪᠤᠷ  ᠎ ᠢ ᠬᠦᠴᠦᠯᠡᠨ ᠪᠠᠶᠢᠭᠤᠯᠵᠤ᠂ ᠪᠦᠬᠦ ᠠᠶᠢᠮᠠᠭ ᠤᠨ ᠭᠡᠷ ᠪᠦᠯᠢ ᠶᠢᠨ ᠰᠤᠷᠭᠠᠨ ᠬᠥᠮᠦᠵᠢᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠡᠢ᠃    ᠣᠶᠢᠯᠠᠭᠠᠭᠰᠠᠨ ᠢᠶᠠᠷ᠂ ᠲᠣᠰ ᠤᠳᠠᠭᠠᠨ ᠤ ᠪᠣᠯᠪᠠᠰᠤᠷᠠᠯ ᠤᠨ ᠠᠩᠭᠢ ᠳᠤ ᠳᠤᠮᠳᠠᠳᠤ ᠶᠢᠨ ᠡᠮᠡᠭᠲᠡᠶᠢᠴᠦᠳ ᠤᠨ  ᠳᠡᠭᠡᠳᠤ ᠰᠤᠷᠭᠠᠭᠤᠯᠢ᠂ ᠪᠡᠭᠡᠵᠢᠩ ᠤᠨ ᠣᠢ ᠰᠢᠭᠤᠶ ᠶᠢᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠤᠰᠬᠠᠶ ᠮᠡᠷᠭᠡᠵᠢᠯᠲᠡᠨ  ᠫᠷᠤᠹᠧᠰᠰᠤᠷ ᠠᠴᠠ ᠬᠢᠴᠢᠶᠡᠯ ᠣᠷᠣᠵᠤ᠂ 2 ᠡᠳᠦᠷ ᠤᠨ ᠬᠤᠭᠤᠴᠠᠭ᠎ᠠ ᠲᠠᠢ ᠪᠣᠯᠪᠠᠰᠤᠷᠠᠯ ᠬᠢᠵᠦ᠂ ᠮᠣᠩᠭᠤᠯ ᠬᠢᠲᠠᠳ ᠬᠤᠶᠠᠷ ᠬᠡᠯᠡᠨ ᠤ ᠬᠢᠴᠢᠶᠡᠯ ᠲᠣᠬᠢᠷᠠᠭᠤᠯᠵᠤ᠂ ᠮᠠᠨ ᠤ  ᠠᠶᠢᠮᠠᠭ ᠤᠨ ᠭᠡᠷ ᠪᠦᠯᠢ ᠎ ᠶᠢᠨ  ᠰᠤᠷᠭᠠᠨ ᠬᠥᠮᠦᠵᠢᠯ ᠤᠨ ᠠᠵᠢᠯᠳᠠᠳ ᠤᠨ ᠲᠤᠬᠠᠶᠢᠯᠠᠭᠰᠠᠨ ᠠᠵᠢᠯ  ᠎ ᠤᠨ ᠴᠢᠳᠠᠪᠤᠷᠢ ᠪᠤᠯᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ  ᠠᠶᠢᠮᠠᠭ ᠤᠨ ᠭᠡᠷ ᠪᠦᠯᠢ ᠶᠢᠨ ᠰᠤᠷᠭᠠᠨ ᠬᠥᠮᠦᠵᠢᠯ ᠤᠨ ᠠᠵᠢᠯ ᠢ ᠰᠢᠨ᠎ᠡ ᠳᠡᠭᠲᠡᠷ ᠲᠤ ᠭᠠᠷᠭᠠᠬᠤ ᠶᠢ ᠵᠤᠷᠢᠭᠰᠠᠨ ᠪᠠᠶᠢᠨ᠎ᠠ᠃   ᠪᠤᠯᠪᠠᠰᠤᠷᠠᠯ ᠤᠨ ᠠᠩᠭᠢ ᠶᠢᠨ ᠰᠤᠷᠤᠯᠭ᠎ᠠ ᠡᠬᠢᠯᠡᠭᠦ  ᠶᠣᠰᠣᠯᠠᠯ ᠳᠠᠭᠤᠰᠤᠭᠰᠠᠨ ᠤ ᠳᠠᠷᠠᠭ᠎ᠠ ᠪᠠᠰᠠ ᠰᠢᠯᠢ ᠶᠢᠨ ᠭᠤᠤᠯ ᠠᠶᠢᠮᠠᠭ ᠤᠨ ᠡᠮᠡᠭᠳᠡᠶᠢᠴᠤᠳ  ᠪᠠᠭᠠᠴᠤᠳ ᠤᠨ  ᠬᠦᠳᠡᠯᠭᠡᠭᠡᠨ ᠤ ᠲᠥᠪ  ᠎ ᠤᠨ ᠠᠰᠢᠭᠯᠠᠯᠳᠠ ᠳᠤ ᠤᠷᠤᠬᠤ ᠶᠣᠰᠣᠯᠠᠯ ᠶᠠᠪᠤᠭᠤᠯᠵᠠᠶ᠃ ᠥᠪᠡᠷᠲᠡᠭᠡᠨ ᠵᠠᠰᠠᠬᠤ ᠣᠷᠣᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠳᠡᠳ᠋ ᠲᠡᠷᠢᠭᠦᠯᠡᠭᠴᠢ ᠭᠦᠸᠧ ᠵᠢᠩ ᠯᠢ᠂  ᠠᠶᠢᠮᠠᠭ ᠤᠨ ᠳᠡᠳ᠋ ᠳᠠᠷᠤᠭ᠎ᠠ ᠰᠠᠷᠠᠨᠴᠢᠮᠡᠭ ᠶᠣᠰᠣᠯᠠᠯ ᠳᠤ  ᠤᠷᠤᠯᠴᠠᠵᠠᠢ᠃ ᠰᠢᠯᠢ ᠶᠢᠨ ᠭᠤᠤᠯ ᠠᠶᠢᠮᠠᠭ ᠤᠨ ᠡᠮᠡᠭᠳᠡᠶᠢᠴᠤᠳ ᠪᠠᠭᠠᠴᠤᠳ ᠤᠨ ᠬᠦᠳᠡᠯᠭᠡᠭᠡᠨ ᠤ ᠲᠥᠪ  ᠎ ᠢ ᠵᠢᠩᠭᠢᠨᠢ ᠪᠠᠷ  ᠠᠰᠢᠭᠯᠠᠯᠳᠠ ᠳᠤ ᠤᠷᠤᠭᠤᠯᠤᠭᠰᠠᠨ ᠨᠢ᠂  ᠡᠮᠡᠭᠳᠡᠶᠢᠴᠤᠳ ᠭᠡᠤᠭᠡᠳ ᠤᠨ ᠪᠡᠶ᠎ᠡ ᠰᠡᠳᠬᠢᠴᠠ ᠶᠢᠨ ᠡᠷᠡᠭᠦᠯ ᠮᠡᠨᠳᠤ ᠳᠤ ᠠᠰᠢᠭᠳᠠᠢ ᠡᠯ᠎ᠡ ᠲᠦᠷᠦᠯ ‍ᠣᠨ‌ᠠᠵᠢᠯᠯᠠᠭ᠎ᠠ  ᠎ ᠶᠢ ᠦᠷᠨᠢᠭᠦᠯᠵᠦ᠂ ᠮᠠᠨ ᠤ ᠠᠶᠢᠮᠠᠭ ᠤᠨ ᠡᠮᠡᠭᠳᠡᠶᠢᠴᠤᠳ ᠪᠠᠭᠠᠴᠣᠳᠳ ᠤᠨ ᠦᠢᠯᠡᠰ ᠤᠨ ᠡᠷᠡᠭᠦᠯ ᠭᠦᠭᠵᠢᠯᠳᠠ ᠶᠢ ᠤᠯᠠᠮ ᠨᠢᠭᠡ ᠠᠯᠬᠤᠮ ᠠᠬᠢᠭᠤᠯᠬᠤ ᠳᠤ ᠠᠰᠢᠭᠳᠠᠢ ᠪᠤᠯᠤᠭᠰᠠᠨ ᠪᠠᠶᠢᠨ᠎ᠠ᠃
 
ᠢᠷᠡᠯᠲᠡ᠄ ᠰᠢᠯᠢ ᠶᠢᠨ ᠭᠤᠣᠯ ᠤᠨ ᠷᠠᠳᠢᠣ᠋ ᠲᠧᠯᠸᠢᠰ ᠤᠨ ᠮᠣᠩᠭᠤᠯ ᠲᠠᠪᠴᠠᠩ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号